ᠬᠠᠶᠢᠷᠤᠪ ᠤᠨ ᠲᠤᠬᠤᠢ ᠲᠣᠭᠤᠷᠢᠭ ᠤᠨ ᠤᠳᠤᠷᠢᠳᠤᠯᠭ᠎ᠠ ᠪᠢᠲᠡᠭᠦᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠬᠥᠮᠦᠰ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2021/2/18
     ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ᠂ 2 ᠰᠠᠷ᠎ᠠ ᠶᠢᠨ 11᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠮᠧᠩ ᠰᠢ ᠲᠦᠷᠭᠡᠨ ᠤ ᠵᠠᠰᠠᠮᠠᠯ ᠵᠠᠮ ᠤᠨ ᠰᠦᠢᠳᠬᠡᠯ ᠬᠤᠷᠢᠶᠠᠬᠤ ᠦᠷᠳᠡᠭᠡ ᠪᠣᠯᠤᠨ ᠦᠬᠠᠢ ᠶᠢᠨ ᠭᠠᠯᠲᠤ ᠲᠡᠷᠭᠡᠨ ᠦᠷᠳᠡᠭᠡ ᠳᠤ ᠬᠦᠷᠴᠦ᠂ ᠴᠠᠭᠠᠨ ᠰᠠᠷ᠎ᠠ ᠶᠢᠨ ᠬᠤᠭᠤᠴᠠᠭᠠᠨ ᠳᠤ ᠡᠮᠦᠨ᠎ᠡ ᠹᠷᠣᠨᠲ ᠢ ᠰᠠᠬᠢᠵᠤ ᠪᠠᠶᠢᠭ᠎ᠠ ᠠᠵᠢᠯᠲᠠᠳ ᠢ ᠲᠣᠬᠤᠨᠢᠭᠤᠯᠵᠤ᠂ ᠲᠡᠳᠡᠨ ᠤ ᠲᠤᠰ ᠲᠤᠰ ᠎ ᠤᠨ ᠠᠵᠢᠯ ᠤᠨ ᠪᠠᠶᠢᠷᠢᠨ ᠳᠠᠬᠢ ᠰᠢᠷᠭᠠᠭᠤ ᠬᠥᠳᠡᠯᠮᠦᠷᠢ ᠶᠢ ᠭᠦᠢᠴᠡᠳ ᠨᠤᠲᠠᠯᠠᠪᠠ᠃
     ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠤᠭᠤᠴᠠᠭᠠᠨ ᠳᠤ᠂ ᠭᠠᠯᠲᠤ ᠲᠡᠷᠭᠡᠨ ᠥᠷᠲᠡᠭᠡ᠂ ᠲᠦᠷᠭᠡᠨ ᠤ ᠵᠠᠰᠠᠮᠠᠯ ᠵᠠᠮ ᠤᠨ ᠰᠦᠶᠳᠬᠡᠯ ᠬᠤᠷᠢᠶᠠᠬᠤ ᠥᠷᠲᠡᠭᠡ ᠪᠣᠯ ᠠᠷᠠᠳ ᠣᠯᠠᠨ ᠤ ᠠᠮᠢ ᠨᠠᠰᠤᠨ ᠎ ᠤ ᠠᠮᠤᠷ ᠲᠦᠪᠰᠢᠨ ᠢ ᠪᠠᠲᠤᠯᠠᠬᠤ ᠬᠠᠮᠤᠭ ᠤᠨ ᠴᠢᠬᠤᠯᠠ ᠰᠡᠷᠭᠡᠶᠢᠯᠡᠯᠲᠡ ᠶᠢᠨ ᠱᠤᠭᠤᠮ ᠪᠣᠯᠤᠨ᠎ᠠ᠃ ᠲᠣᠬᠤᠨᠢᠭᠤᠯᠬᠤ ᠶᠠᠪᠤᠴᠠ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠠᠵᠢᠯᠳᠠᠨ ᠨᠢᠭᠡᠪᠦᠷᠢ ᠡᠷᠬᠡᠪᠰᠢ ᠥᠪᠡᠷ ᠤᠨ ᠪᠡᠶ᠎ᠡ ᠪᠠᠨ ᠠᠩᠬᠠᠷᠴᠤ᠂ ᠳᠤᠯᠠᠭᠠᠯᠠᠭ᠎ᠠ ᠪᠠᠨ ᠰᠠᠶᠢᠲᠤᠷ ᠬᠢᠬᠦ ᠬᠡᠷᠡᠭᠲᠡᠢ ᠭᠡᠵᠦ ᠨᠠᠷᠢᠨ ᠨᠢᠮᠪᠠᠢ ᠵᠠᠬᠢᠭᠰᠠᠨ ᠪᠥᠭᠡᠳ ᠬᠠᠶᠢᠷᠤᠪ ᠤᠨ ᠲᠤᠬᠤᠢ ᠶᠢᠨ ᠠᠷᠠᠳ ᠲᠦᠮᠡᠨ ᠤ ᠠᠮᠤᠷ ᠲᠦᠪᠰᠢᠨ ᠢᠶᠠᠷ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠰᠢᠷᠭᠠᠭᠤ ᠴᠢᠷᠮᠠᠶᠢᠯᠭ᠎ᠠ ᠭᠠᠷᠭᠠᠭᠰᠠᠨ ᠳᠤ ᠲᠠᠯᠠᠷᠬᠠᠪᠠ᠃ ᠡᠭᠦᠨ ᠤ ᠬᠠᠮᠲᠤ ᠦᠨᠢᠶᠡᠨ ᠰᠦ᠂ ᠭᠤᠯᠢᠷ᠂ ᠵᠢᠮᠢᠰ ᠵᠡᠷᠭᠡ ᠲᠣᠬᠤᠨᠢᠭᠤᠯᠬᠤ ᠡᠳ᠋ ᠪᠣᠳᠠᠰ ᠢ ᠠᠵᠢᠯᠲᠠᠨ ᠨᠢᠭᠡᠪᠦᠷᠢ ᠳᠤ ᠬᠦᠷᠭᠡᠵᠦ᠂ ᠲᠡᠳᠡᠨ ᠢ ᠢᠲᠡᠭᠡᠯ ᠵᠣᠷᠢᠭ ᠢᠶᠠᠨ ᠬᠥᠪᠴᠢᠯᠡᠨ᠂ ᠢᠳᠡᠪᠬᠢᠲᠡᠶ ᠠᠵᠢᠯᠯᠠᠵᠤ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃      ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠬᠥᠮᠦᠰ᠂ ᠯᠠᠪᠲᠠᠢ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠢᠵᠢᠭ ᠲᠠᠢ ᠡᠴᠦᠰ ᠲᠤᠨᠢ ᠲᠤᠯᠲᠠᠯ᠎ᠠ ᠲᠡᠮᠡᠴᠡᠵᠦ ᠂ ᠬᠠᠶᠢᠷᠤᠪ ᠤᠨ ᠲᠤᠬᠤᠢ ᠶᠢᠨ ᠠᠷᠠᠳ ᠲᠦᠮᠡᠨ ᠢ ᠰᠠᠬᠢᠨ ᠬᠠᠮᠠᠭᠠᠯᠠᠵᠤ ᠴᠠᠭᠠᠨ ᠰᠠᠷ᠎ᠠ ᠶᠢᠨ ᠪᠠᠶᠠᠷ ᠢᠶᠠᠨ ᠪᠠᠶᠠᠷᠯᠠᠨ ᠪᠡᠯᠭᠡᠯᠡᠨ᠎ᠡ ᠭᠡᠵᠦ ᠢᠯᠡᠳᠬᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号