ᠭᠠᠷ ᠤᠲᠠᠰᠤ ᠪᠠᠷ ᠵᠠᠬᠢᠶᠠᠯᠠᠨ ᠰᠤᠪᠢᠯᠠᠵᠤ  ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡ ᠬᠦᠷᠭᠡᠶ᠎ᠡ
ᠨᠡᠶᠢᠲᠡᠯᠡᠭᠰᠡᠨ ᠴᠠᠭ᠄
2021/2/18
      ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠪᠢᠨ ᠾᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠨᠡᠶᠢᠭᠡᠮ ᠲᠣᠭᠤᠷᠢᠭ ᠤᠨ ᠡᠮᠴᠢᠯᠡᠭᠡ ᠪᠠ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠶᠯᠡᠴᠢᠯᠡᠭᠡ ᠶᠢ ᠭᠦᠨᠵᠡᠭᠡᠶ ᠠᠭᠤᠰᠤᠯᠴᠠᠭᠤᠯᠵᠤ᠂ 《 ᠢᠨᠲ᠋ᠧᠷ ᠰᠦᠯᠵᠢᠶ᠎ᠡ + ᠬᠡᠷ ᠲᠤᠨᠢ ᠬᠦᠷᠴᠦ ᠰᠤᠪᠢᠯᠠᠬᠤ 》᠎ ᠶᠢ ᠭᠠᠷᠭᠠᠵᠤ᠂ ᠬᠠᠷᠢᠶ᠎ᠠ ᠣᠷᠣᠨ ᠤ ᠳᠣᠲᠣᠷᠠᠬᠢ ᠬᠡᠷᠡᠭᠴᠡᠭᠡ ᠲᠠᠢ ᠡᠪᠡᠳᠴᠢᠲᠡᠨ ᠳᠤ《 ᠰᠦᠯᠵᠢᠶ᠎ᠡ ᠪᠠᠷ ᠪᠣᠯᠵᠣᠭᠰᠠᠨ ᠡᠮᠴᠢ 》᠎ ᠶᠢᠨ ᠲᠥᠬᠦᠮ ᠨᠥᠬᠦᠴᠡᠯ ᠢ ᠬᠦᠷᠲᠡᠭᠡᠪᠡ᠃      ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠤᠨ ᠡᠷᠬᠢᠯᠡᠭᠴᠢ ᠡᠮᠴᠢ ᠪᠠᠶ ᠯᠢ ᠫᠢᠩ ᠲᠠᠨᠢᠯᠴᠠᠭᠤᠯᠬᠤ ᠳᠠᠭᠠᠨ᠂ ᠣᠲᠣ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠬᠡᠷ ᠲᠡᠭᠡᠨ ᠥᠪᠡᠷ ᠤᠨ ᠡᠮ ᠡᠮᠨᠡᠯᠭᠡ ᠶᠢᠨ ᠦᠶᠯᠡᠴᠢᠯᠡᠭᠡᠨ ᠤ ᠬᠡᠷᠡᠭᠴᠡᠭᠡ ᠳᠡᠭᠡᠨ ᠴᠢᠭᠯᠡᠭᠦᠯᠦᠨ᠂ ᠭᠠᠷ ᠤᠲᠠᠰᠤ ᠪᠠᠷ ᠵᠠᠬᠢᠶᠠᠯᠠᠭ᠎ᠠ ᠶᠢ ᠰᠦᠯᠵᠢᠶᠡᠨ ᠳᠡᠭᠡᠷ᠎ᠡ ᠶᠠᠪᠤᠭᠤᠯᠵᠤ᠂ ᠭᠥᠯᠢᠶᠡᠨ ᠠᠪᠤᠭᠴᠢ ᠵᠠᠬᠢᠶᠠᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠡᠷ ᠪᠦᠯᠢ ᠶᠢᠨ ᠡᠮᠴᠢ ᠪᠠ ᠰᠤᠪᠢᠯᠠᠭᠴᠢ ᠳᠤ ᠳᠠᠬᠢᠨ ᠬᠤᠪᠢᠶᠠᠨ ᠥᠭᠴᠦ᠂ ᠬᠡᠷ ᠪᠦᠯᠢ ᠶᠢᠨ ᠡᠮᠴᠢ ᠪᠠ ᠰᠤᠪᠢᠯᠠᠭᠴᠢ ᠤᠲᠠᠰᠤ ᠪᠠᠷ ᠠᠰᠠᠭᠤᠨ ᠯᠠᠪᠯᠠᠵᠤ ᠪᠠᠶᠢᠭᠠᠳ ᠡᠪᠡᠳᠴᠢᠲᠡᠨ ᠢ ᠦᠨᠡᠯᠡᠨ ᠵᠢᠱᠢᠵᠦ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠵᠣᠬᠢᠴᠠᠩᠭᠤᠶ ᠪᠥᠬᠦᠶ ᠬᠡᠷ ᠲᠤᠨᠢ ᠬᠦᠷᠴᠦ ᠦᠶᠯᠡᠴᠢᠯᠡᠬᠦ ᠶᠢ ᠰᠣᠩᠭᠤᠵᠤ ᠪᠣᠯᠤᠨ᠎ᠠ ᠭᠡᠵᠡᠶ᠃ ᠭᠠᠷ ᠤᠲᠠᠰᠤ ᠪᠠᠷ ᠵᠠᠬᠢᠶᠠᠯᠠᠭ᠎ᠠ ᠬᠢᠬᠦ ᠨᠢ ᠰᠠᠭᠤᠭᠠᠯᠢ ᠠᠷᠠᠳ ᠤᠨ ᠡᠪᠡᠳᠴᠢᠨ ᠦᠵᠡᠭᠦᠯᠬᠦ ᠳᠤ ᠨᠠᠩ ᠳᠥᠭᠦᠮ ᠪᠣᠯᠭᠠᠨ᠎ᠠ᠃   《 ᠡᠷᠡᠭᠦᠯ ᠮᠡᠨᠳᠦ ᠦᠬᠠᠶ 》 ᠲᠠᠪᠴᠠᠩ ᠤᠨ 《 ᠢᠨᠲ᠋ᠧᠷ ᠰᠦᠯᠵᠢᠶ᠎ᠡ + ᠬᠡᠷ ᠲᠤᠨᠢ ᠬᠦᠷᠴᠦ ᠰᠤᠪᠢᠯᠠᠬᠤ 》 ᠦᠶᠯᠡᠴᠢᠯᠡᠭᠡᠨ ᠤ ᠲᠤᠷᠰᠢᠯᠲᠠ ᠶᠢᠨ ᠴᠡᠭ ᠤᠨ ᠨᠡᠶᠢᠭᠡᠮ ᠲᠣᠭᠤᠷᠢᠭ ᠪᠣᠯᠤᠭᠰᠠᠨ ᠤ ᠬᠤᠪᠢ ᠳᠤ᠂ ᠬᠠᠶᠢᠷᠤᠪ ᠎ ᠤᠨ ᠲᠣᠬᠤᠶ ᠲᠣᠭᠤᠷᠢᠭ ᠤᠨ ᠪᠢᠨ ᠾᠧ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠪᠣᠯᠤᠨ ᠬᠠᠶᠢᠨᠠᠨ ᠲᠣᠭᠤᠷᠢᠭ ᠤᠨ ᠷᠠᠰᠠᠩ ᠵᠥᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠨᠢᠭᠡᠨᠲᠡ ᠰᠦᠯᠵᠢᠶᠡᠨ ᠳᠡᠭᠡᠷ᠎ᠡ ᠪᠣᠯᠵᠣᠨ ᠬᠡᠷ ᠲᠤᠨᠢ ᠬᠦᠷᠴᠦ ᠰᠤᠪᠢᠯᠠᠬᠤ ᠦᠶᠯᠡᠴᠢᠯᠡᠭᠡ ᠎ ᠶᠢ ᠵᠢᠩᠬᠢᠨᠢ ᠪᠠᠷ ᠨᠡᠪᠲᠡᠷᠡᠭᠦᠯᠪᠡ᠃ 《 ᠢᠨᠲ᠋ᠧᠷ ᠰᠦᠯᠵᠢᠶ᠎ᠡ + ᠰᠤᠪᠢᠯᠠᠯᠲᠠ ᠶᠢᠨ ᠦᠶᠯᠡᠴᠢᠯᠡᠭᠡ 》 ᠪᠣᠯ ᠰᠢᠨ᠎ᠡ ᠬᠡᠯᠪᠡᠷᠢ ᠶᠢᠨ ᠣᠶᠤᠨᠴᠢ ᠡᠮᠴᠢᠯᠡᠭᠡ ᠬᠢᠭᠡᠳ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡ ᠶᠢ ᠬᠠᠷᠢᠯᠴᠠᠨ ᠤᠶᠠᠯᠳᠤᠭᠤᠯᠤᠭᠰᠠᠨ ᠨᠢᠭᠡ ᠵᠦᠶᠯ ᠤᠨ ᠵᠠᠭᠪᠤᠷ ᠪᠣᠯᠤᠨ᠎ᠠ᠂ ᠬᠠᠷᠢᠶ᠎ᠠ ᠣᠷᠣᠨ ᠤ ᠳᠣᠲᠣᠷᠠᠬᠢ ᠥᠨᠳᠥᠷ ᠨᠠᠰᠤᠲᠠᠶ ᠪᠤᠶᠤ ᠴᠢᠳᠠᠯ ᠲᠡᠩᠬᠡᠭᠡ ᠪᠠᠨ ᠠᠯᠳᠠᠭᠰᠠᠨ ᠨᠠᠰᠤᠲᠠᠶᠢᠴᠤᠳ᠂ ᠡᠪᠡᠳᠴᠢᠲᠡᠨ ᠵᠡᠷᠭᠡ ᠬᠥᠮᠦᠰ ᠲᠤ ᠬᠦᠴᠢᠯᠲᠥ᠋ᠷᠥᠭᠴᠢ ᠰᠣᠷᠣᠬᠤ᠂ ᠠᠷᠠᠰᠤᠨ ᠳᠣᠲᠣᠷ᠎ᠠ ᠲᠠᠷᠢᠯᠭ᠎ᠠ ᠬᠢᠬᠦ᠂ ᠪᠤᠯᠴᠢᠩ ᠳᠤ ᠲᠠᠷᠢᠯᠭ᠎ᠠ ᠬᠢᠬᠦ᠂ ᠬᠦᠵᠦᠭᠦᠦ ᠮᠥᠷᠥ ᠨᠢᠷᠤᠭᠤ ᠬᠥᠯ ᠨᠢᠷᠤᠭᠤ ᠶᠢ ᠢᠯᠢᠵᠦ ᠨᠤᠬᠤᠯᠠᠬᠤ ᠢᠯᠢᠵᠦ ᠨᠤᠬᠤᠯᠠᠬᠤ ᠵᠡᠷᠭᠡ ᠦᠶᠯᠡᠴᠢᠯᠡᠭᠡ ᠬᠠᠩᠭᠠᠵᠤ ᠪᠣᠯᠤᠨ᠎ᠠ᠃     ᠬᠤᠶᠢᠰᠢᠳᠠ᠂ 《 ᠡᠷᠡᠭᠦᠯ ᠡᠩᠬᠡ ᠦᠬᠠᠶ 》 ᠲᠠᠪᠴᠠᠩ ᠤᠨ 《 ᠢᠨᠲ᠋ᠧᠷ ᠰᠦᠯᠵᠢᠶ᠎ᠡ + ᠬᠡᠷ ᠲᠤᠨᠢ ᠬᠦᠷᠴᠦ ᠰᠤᠪᠢᠯᠠᠬᠤ 》 ᠦᠶᠯᠡᠴᠢᠯᠡᠭᠡ ᠨᠢ ᠪᠥᠬᠦ ᠬᠤᠲᠠ ᠶᠢᠨ ᠪᠣᠶ ᠪᠥᠬᠦᠶ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠢ ᠵᠠᠯᠭᠠᠭ᠎ᠠ ᠪᠠᠷ ᠬᠠᠮᠤᠷᠴᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠎ ᠤᠨ ᠦᠶᠯᠡᠴᠢᠯᠡᠭᠡᠨ ᠤ ᠲᠥᠪ ᠤᠨ ᠲᠤᠰᠬᠠᠶ ᠡᠮᠴᠢᠯᠡᠭᠡᠨ ᠤ ᠦᠶᠯᠡᠴᠢᠯᠡᠭᠡ ᠶᠢ ᠬᠡᠷ ᠪᠦᠯᠢ ᠳᠠᠰᠢ ᠤᠷᠲᠤᠳᠬᠠᠬᠤ ᠶᠢ ᠪᠡᠶᠡᠯᠡᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠵᠤ᠂ ᠰᠤᠪᠢᠯᠠᠬᠤ ᠰᠦᠶᠳᠬᠡᠯ ᠢᠶᠠᠨ ᠲᠤᠰᠢᠶᠠᠭᠰᠠᠨ ᠤ ᠳᠠᠷᠠᠭ᠎ᠠ ᠳᠠᠷᠤᠶ 《 ᠬᠡᠷ ᠲᠤᠨᠢ ᠬᠦᠷᠴᠦ ᠰᠤᠪᠢᠯᠠᠬᠤ 》 ᠦᠶᠯᠡᠴᠢᠯᠡᠭᠡ ᠭᠥᠷᠳᠡᠵᠦ ᠪᠣᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号