ᠬᠠᠶᠢᠷᠤᠪ ᠤᠨ ᠲᠣᠬᠤᠶ ᠲᠤᠭᠤᠷᠢᠭ ᠲᠤ 5 G ᠰᠦᠯᠵᠢᠶ᠎ᠡ ᠶᠢ ᠵᠠᠯᠭᠠᠭ᠎ᠠ ᠪᠠᠷ ᠪᠥᠷᠬᠦᠭᠦᠯᠪᠡ
ᠨᠡᠶᠢᠲᠡᠯᠡᠭᠰᠡᠨ ᠴᠠᠭ᠄
2021/2/19
      ᠦᠬᠠᠶ ᠬᠤᠲᠠ ᠥᠪᠡᠷᠲᠡᠭᠡᠨ ᠵᠠᠰᠠᠬᠤ ᠣᠷᠣᠨ ᠤ《 5 G + ᠠᠵᠤ ᠦᠶᠯᠡᠳᠪᠦᠷᠢ ᠶᠢᠨ ᠢᠨᠲ᠋ᠧᠷ ᠰᠦᠯᠵᠢᠶ᠎ᠡ 》᠎ ᠶᠢᠨ ᠲᠤᠷᠰᠢᠯᠲᠠ ᠶᠢᠨ ᠴᠡᠭ ᠤᠨ ᠬᠤᠲᠠ ᠶᠢᠨ ᠨᠢᠭᠡ ᠪᠣᠯᠤᠭᠰᠠᠨ ᠤ ᠬᠤᠪᠢ ᠳᠤ᠂ 5 G ᠰᠦᠯᠵᠢᠶ᠎ᠡ ᠶᠢ ᠲᠥᠯᠥᠪᠵᠢᠭᠦᠯᠦᠨ ᠪᠠᠶᠢᠷᠢᠰᠢᠭᠤᠯᠬᠤ ᠶᠢ ᠲᠠᠰᠤᠷᠠᠯᠲᠠ ᠥᠬᠡᠶ ᠲᠦᠷᠭᠡᠳᠬᠡᠵᠦ᠂ ᠮᠡᠳᠡᠭᠡ ᠵᠠᠩᠭᠢ ᠴᠢᠮᠡᠭᠡ ᠬᠤᠯᠪᠣᠭᠠᠨ ᠤ ᠲᠥᠬᠦᠭᠡᠷᠦᠮᠵᠢ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ᠂ ᠵᠠᠰᠠᠭ ᠤᠨ ᠶᠠᠪᠤᠳᠠᠯ ᠎ ᠤᠨ ᠮᠡᠳᠡᠭᠡ ᠵᠠᠩᠭᠢ ᠶᠢᠨ ᠦᠶᠯᠡᠴᠢᠯᠡᠭᠡ᠂ ᠠᠵᠤ ᠦᠶᠯᠡᠳᠪᠦᠷᠢ ᠶᠢᠨ ᠢᠨᠲ᠋ᠧᠷ ᠰᠦᠯᠵᠢᠶ᠎ᠡ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠳᠤ ᠡᠨᠧᠷᠭᠢ ᠨᠡᠮᠡᠷᠢᠯᠡᠵᠦ᠂ ᠣᠲᠣ ᠨᠢᠭᠡᠨᠲᠡ ᠬᠠᠶᠢᠷᠤᠪ ᠤᠨ ᠲᠣᠬᠤᠶ ᠲᠣᠭᠤᠷᠢᠭ ᠤᠨ 5 G ᠰᠦᠯᠵᠢᠶ᠎ᠡ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠵᠦ᠂ ᠬᠤᠲᠠ ᠶᠢᠨ ᠠᠷᠠᠳ ᠲᠤ 5 G᠎ ᠶᠢᠨ ᠣᠶᠤᠨ ᠤᠬᠠᠭᠠᠨ ᠤ 《 ᠲᠦᠷᠭᠡᠨ 》 ᠠᠮᠢᠳᠤᠷᠠᠯ ᠢ ᠡᠳ᠋ᠯᠡᠭᠦᠯᠵᠦ ᠪᠠᠶᠢᠨ᠎ᠠ᠃
     ᠣᠶᠢᠷ᠎ᠠ ᠳᠤ᠂ ᠰᠤᠷᠪᠤᠯᠵᠢᠯᠠᠭᠴᠢ ᠬᠠᠶᠢᠷᠤᠪ ᠤᠨ ᠲᠣᠬᠤᠶ ᠲᠣᠭᠤᠷᠢᠭ ᠤᠨ ᠠᠷᠠᠤᠡ ᠤᠨ ᠵᠠᠮ ᠤᠨ ᠨᠢᠭᠡᠨ ᠭᠠᠷ ᠤᠲᠠᠰᠤᠨ ᠤ ᠳᠡᠯᠭᠡᠭᠦᠷ ᠲᠤ ᠬᠦᠷᠴᠦ᠂ ᠬᠤᠲᠠ ᠶᠢᠨ ᠠᠷᠠᠳ ᠮᠧᠩ ᠶᠤᠸᠠᠢ ᠯᠢᠩ ᠬᠡᠲᠦ ᠤᠳᠠᠭ᠎ᠠ ᠬᠠᠷᠢᠴᠠᠭᠤᠯᠤᠭᠰᠠᠨ ᠤ ᠳᠠᠷᠠᠭ᠎ᠠ᠂ 5 G ᠭᠠᠷ ᠤᠲᠠᠰᠤ ᠬᠤᠳᠠᠯᠳᠤᠨ ᠠᠪᠴᠠᠶ᠃       ᠬᠤᠳᠠ ᠶᠢᠨ ᠠᠷᠠᠳ ᠮᠧᠩ ᠶᠤᠸᠠᠢ ᠯᠢᠩ ᠰᠤᠷᠪᠤᠯᠵᠢᠯᠠᠭᠴᠢ ᠳᠤ᠄《 ᠡᠨᠡ ᠡᠳᠦᠷ 5 G᠎ ᠶᠢᠨ ᠰᠦᠯᠵᠢᠶᠡᠨ ᠤ ᠬᠤᠷᠳᠤᠴᠠ ᠨᠡᠩ ᠲᠦᠷᠭᠡᠨ᠂ ᠠᠮᠢᠳᠤᠷᠠᠯ ᠳᠤᠮᠳᠠ ᠬᠡᠷᠡᠭᠯᠡᠬᠦ ᠳᠤ ᠨᠡᠩ ᠲᠦᠬᠦᠮ᠃ ᠣᠲᠣ ᠮᠠᠨ ᠤ ᠬᠡᠷ ᠤᠨ ᠬᠥᠮᠦᠰ ᠮᠢᠨᠦ ᠠᠬ᠎ᠠ᠂ ᠮᠢᠨᠦ ᠪᠡᠷᠭᠡᠨ᠂ ᠡᠭᠡᠴᠢ ᠲᠠᠳᠠᠨᠤᠰ ᠪᠦᠷ 5 G᠎ ᠶᠢᠨ ᠭᠠᠷ ᠤᠲᠠᠰᠤ ᠬᠡᠷᠡᠭᠯᠡᠵᠦ ᠪᠠᠶᠢᠨ᠎ᠠ᠂ ᠪᠢᠳᠡᠨ ᠤ ᠠᠮᠢᠳᠤᠷᠠᠯ ᠳᠤ ᠨᠠᠩ ᠲᠥᠬᠦᠮ ᠪᠣᠯᠭᠠᠬᠤ ᠶᠢᠨ ᠲᠥᠯᠥᠭᠡ᠃ 》    《 ᠮᠠᠰᠢ ᠣᠯᠠᠨ ᠬᠡᠷᠡᠭᠯᠡᠭᠴᠢᠳ ᠴᠥᠮ ᠮᠡᠳᠡᠷᠡᠵᠦ ᠪᠠᠶᠢᠨ᠎ᠠ᠂ ᠤᠴᠢᠷ ᠨᠢ 5 G᠎ ᠶᠢᠨ ᠰᠠᠭᠤᠷᠢ ᠥᠷᠲᠡᠭᠡ ᠶᠢ ᠨᠢᠭᠡᠨᠲᠡ ᠪᠠᠶᠢᠭᠤᠯᠤᠭᠰᠠᠨ ᠪᠥᠭᠡᠳ ᠣᠲᠣ ᠴᠥᠮ ᠬᠡᠷᠡᠭᠯᠡᠵᠦ ᠪᠠᠶᠢᠨ᠎ᠠ᠂ ᠮᠠᠨ ᠤ ᠳᠡᠯᠭᠡᠭᠦᠷ ᠴᠦ 5 G᠎ ᠶᠢ ᠢᠳᠡᠪᠬᠢᠲᠡᠶ ᠳᠡᠯᠭᠡᠷᠡᠭᠦᠯᠵᠦ᠂ ᠬᠡᠷᠡᠭᠯᠡᠭᠴᠢᠳ ᠲᠤ ᠨᠠᠩ ᠰᠠᠶᠢᠨ ᠣᠶᠢᠯᠠᠭᠠᠯᠲᠠ ᠥᠭᠴᠦ ᠪᠠᠶᠢᠨ᠎ᠠ᠃ 》 ᠭᠡᠵᠦ ᠭᠠᠷ ᠤᠲᠠᠰᠤᠨ ᠤ ᠳᠡᠯᠭᠡᠭᠦᠷ ᠤᠨ ᠳᠠᠷᠤᠭ᠎ᠠ ᠭᠦᠸᠧ ᠬᠠᠢ ᠵᠢᠶᠦ᠋ᠨ ᠬᠡᠯᠡᠪᠡ᠃      5 G ᠪᠣᠯ ᠲᠠᠪᠤᠳᠤᠭᠠᠷ ᠦᠶ᠎ᠡ ᠶᠢᠨ ᠰᠢᠯᠵᠢᠮᠡᠯ ᠮᠡᠳᠡᠭᠡ ᠬᠤᠯᠪᠣᠭᠠᠨ ᠤ ᠮᠡᠷᠭᠡᠵᠢᠯ ᠤᠨ ᠲᠣᠪᠴᠢ ᠨᠡᠷᠡᠶᠢᠳᠦᠯ ᠮᠥᠨ᠂ ᠠᠵᠤ ᠦᠶᠯᠡᠳᠪᠦᠷᠢ ᠶᠢᠨ ᠢᠨᠲ᠋ᠧᠷ ᠰᠦᠯᠵᠢᠶ᠎ᠡ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠡᠭᠦᠯᠡᠨ ᠪᠤᠳᠤᠯᠲᠠ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠭᠦᠨᠵᠡᠭᠡᠶ ᠠᠭᠤᠰᠤᠯᠳᠤᠯ ᠢ ᠳᠥᠯᠭᠢᠨ ᠠᠬᠢᠭᠤᠯᠬᠤ ᠶᠢᠨ ᠴᠢᠬᠤᠯᠠ ᠰᠠᠭᠤᠷᠢ ᠮᠥᠨ᠃ 4 G᠎ ᠲᠠᠢ ᠬᠠᠷᠢᠴᠠᠭᠤᠯᠪᠠᠯ᠂ 5 G ᠮᠡᠷᠭᠡᠵᠢᠯ ᠨᠢ ᠥᠷᠭᠡᠨ ᠪᠦᠰᠡ᠂ ᠥᠨᠳᠥᠷ ᠬᠤᠷᠳᠤᠴᠠ᠂ ᠶᠡᠭᠡ ᠬᠡᠮᠵᠢᠶᠡᠨ ᠤ ᠬᠤᠯᠪᠣᠯᠲᠠ ᠶᠢᠨ ᠢᠯᠡᠳᠲᠡ ᠳᠠᠪᠠᠭᠤᠯᠢᠭ ᠲᠠᠢ᠃      2020 ᠣᠨ ᠳᠤ᠂ ᠮᠠᠨ ᠤ ᠬᠤᠲᠠ ᠨᠡᠶᠢᠲᠡ 5 G ᠰᠠᠭᠤᠷᠢ ᠥᠷᠲᠡᠭᠡ 309᠎ ᠶᠢ ᠨᠡᠪᠲᠡᠷᠡᠭᠦᠯᠵᠦ᠂ ᠰᠢᠨ᠎ᠡ ᠪᠠᠷ ᠪᠠᠶᠢᠭᠤᠯᠤᠭᠰᠠᠨ ᠰᠠᠭᠤᠷᠢ ᠥᠷᠲᠡᠭᠡ ᠨᠢ ᠭᠤᠤᠯᠳᠠᠭᠤ ᠮᠠᠨ ᠤ ᠬᠤᠲᠠ ᠶᠢᠨ ᠡᠯ᠎ᠡ ᠲᠣᠮᠣ ᠬᠤᠳᠠᠯᠳᠤᠭᠠᠨ ᠎ ᠤ ᠲᠣᠭᠤᠷᠢᠭ᠂ ᠭᠠᠯᠲᠤ ᠲᠡᠷᠭᠡᠨ ᠥᠷᠲᠡᠭᠡ᠂ ᠨᠢᠰᠬᠡᠯ ᠤᠨ ᠪᠠᠭᠤᠳᠠᠯ᠂ ᠠᠯᠪᠠᠨ ᠠᠰᠠᠷ ᠵᠡᠷᠭᠡ ᠣᠷᠣᠨ ᠪᠦᠰᠡ ᠳᠤ ᠲᠠᠷᠬᠠᠵᠤ ᠪᠣᠶ᠃ ᠣᠳᠣᠬᠠᠨ ᠳᠤ᠂ ᠬᠠᠶᠢᠷᠤᠪ ᠤᠨ ᠲᠣᠬᠤᠶ ᠲᠣᠭᠤᠷᠢᠭ ᠨᠢᠭᠡᠨᠲᠡ 5 G ᠰᠦᠯᠵᠢᠶ᠎ᠡ ᠶᠢ ᠵᠠᠯᠭᠠᠭ᠎ᠠ ᠎ ᠪᠠᠷ ᠪᠥᠷᠬᠦᠭᠦᠯᠵᠦ᠂ ᠤᠳᠠ ᠲᠣᠭᠤᠷᠢᠭ ᠪᠠ ᠬᠠᠶᠢᠨᠠᠨ ᠲᠣᠭᠤᠷᠢᠭ ᠤᠨ ᠭᠤᠤᠯ ᠬᠤᠲᠠ ᠶᠢᠨ ᠲᠣᠭᠤᠷᠢᠭ ᠢ ᠵᠠᠯᠭᠠᠭ᠎ᠠ ᠎ ᠪᠠᠷ ᠪᠥᠷᠬᠦᠭᠦᠯᠪᠡ᠃ ᠲᠥᠯᠥᠪᠯᠡᠭᠡ ᠶᠣᠰᠣᠭᠠᠷ᠂ 2021 ᠣᠨ ᠳᠤ ᠮᠠᠨ ᠤ ᠬᠤᠲᠠ 5 G ᠰᠠᠭᠤᠷᠢ ᠥᠷᠲᠡᠭᠡ ᠶᠢ 753 ᠪᠠᠶᠢᠭᠤᠯᠵᠤ᠂ ᠭᠤᠷᠪᠠᠨ ᠲᠤᠭᠤᠷᠢᠭ ᠤᠨ 5 G ᠰᠦᠯᠵᠢᠶ᠎ᠡ ᠶᠢ ᠵᠠᠯᠭᠠᠭ᠎ᠠ ᠪᠠᠷ ᠪᠥᠷᠬᠦᠭᠦᠯᠵᠦ᠂ ᠵᠠᠰᠠᠭ ᠤᠨ ᠣᠷᠳᠣᠨ᠂ ᠬᠤᠳᠠᠯᠳᠤᠭᠠᠨ ᠤ ᠲᠣᠭᠤᠷᠢᠭ᠂ ᠵᠢᠭᠤᠯᠴᠢᠯᠠᠯ ᠤᠨ ᠦᠵᠡᠮᠵᠢ ᠶᠢᠨ ᠴᠡᠭ᠂ ᠵᠠᠮ ᠬᠠᠷᠢᠯᠴᠠᠭᠠᠨ ᠤ ᠭᠤᠤᠯ ᠱᠤᠭᠤᠮ ᠵᠡᠷᠭᠡ ᠴᠢᠬᠤᠯᠠ ᠣᠷᠣᠨ ᠪᠦᠰᠡ ᠶᠢ ᠭᠤᠤᠯᠳᠠᠭᠤ ᠪᠥᠷᠬᠦᠭᠦᠯᠦᠨ᠎ᠡ᠃      ᠦᠬᠠᠢ ᠶᠢᠨ ᠰᠢᠯᠵᠢᠭᠡ ᠬᠤᠯᠪᠣᠭ᠎ᠠ ᠶᠢᠨ ᠬᠤᠪᠢᠶᠠᠷᠢ ᠺᠣᠮᠫᠠᠨᠢ ᠶᠢᠨ ᠰᠦᠯᠵᠢᠶᠡᠨ ᠤ ᠬᠡᠯᠲᠡᠰ ᠤᠨ ᠳᠡᠳ᠋ ᠳᠠᠭᠠᠭᠠᠮᠠᠯ ᠮᠠ ᠺᠦᠨ  ᠡᠣ᠄《 5 G ᠰᠦᠯᠵᠢᠶ᠎ᠡ ᠨᠢ ᠥᠨᠳᠥᠷ ᠬᠤᠷᠳᠤᠴᠠ ᠶᠢᠨ ᠨᠤᠷᠮ᠎ᠠ ᠬᠠᠩᠭᠠᠭᠰᠠᠨ ᠢᠶᠠᠷ ᠪᠠᠷᠠᠬᠤ ᠦᠭᠡᠢ ᠪᠠᠰᠠ ᠶᠡᠭᠡ ᠬᠤᠯᠪᠣᠭᠠᠰᠤ᠂ ᠳᠣᠣᠷ᠎ᠠ ᠴᠠᠭ ᠤᠨ ᠤᠷᠲᠤᠳᠬᠠᠯ ᠬᠠᠩᠭᠠᠵᠠᠢ᠂ ᠵᠠᠯᠭᠠᠭᠠᠳ ᠪᠢᠳᠡ ᠤᠶᠤᠨᠲᠤ ᠬᠤᠳᠠ᠂ ᠤᠶᠤᠨᠲᠤ ᠡᠮ ᠡᠮᠨᠡᠯᠭᠡ᠂ ᠤᠶᠤᠨᠲᠤ ᠰᠤᠷᠭᠠᠨ ᠬᠥᠮᠦᠵᠢᠯ᠂ ᠤᠶᠤᠨᠲᠤ ᠴᠠᠬᠢᠯᠭᠠᠨ ᠲᠣᠣᠷ᠂ ᠵᠢᠯᠣᠭᠤᠴᠢ ᠦᠭᠡᠢ ᠮᠠᠰᠢᠨ ᠲᠡᠷᠭᠡ ᠵᠡᠷᠭᠡ ᠬᠡᠷᠡᠭᠯᠡᠭᠡ ᠶᠢ ᠠᠯᠬᠤᠮ ᠠᠯᠬᠤᠮ ᠢᠶᠠᠷ ᠤᠯᠠᠨ ᠲᠦᠮᠡᠨ ᠢ ᠳᠠᠭᠠᠭᠤᠯᠤᠨ ᠥᠨᠳᠥᠷ ᠬᠤᠷᠳᠤᠴᠠ ᠶᠢᠨ ᠵᠠᠮ ᠳᠤ ᠣᠷᠣᠭᠤᠯᠵᠤ᠂ ᠬᠥᠮᠦᠨ ᠬᠡᠷᠡᠭᠯᠡᠬᠦ ᠦᠭᠡᠢ ᠲᠦᠮᠡᠨ ᠪᠣᠳᠠᠰ ᠬᠠᠷᠢᠯᠴᠠᠨ ᠬᠤᠯᠪᠣᠯᠳᠤᠭᠰᠠᠨ ᠤᠶᠤᠨᠲᠤ ᠠᠮᠢᠳᠤᠷᠠᠯ ᠢ ᠰᠠᠭᠠᠳ ᠦᠭᠡᠢ ᠨᠡᠪᠲᠡᠷᠡᠭᠦᠯᠬᠦ ᠪᠣᠯᠤᠨ᠎ᠠ᠃ 》
 
ᠢᠷᠡᠯᠲᠡ᠄ ᠠᠮᠢᠵᠢᠷᠠᠯ ᠪᠢᠯᠬᠠᠭᠰᠠᠨ ᠬᠠᠶᠢᠷᠤᠪ  ᠤᠨ ᠲᠤᠬᠤᠢ ᠲᠤᠭᠤᠷᠢᠭ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号