ᠬᠠᠶᠢᠷᠤᠪ ᠤᠨ ᠲᠣᠬᠤᠢ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/2/20
     2021 ᠣᠨ ᠤ 2 ᠰᠠᠷ᠎ᠠ ᠶᠢᠨ 19᠎ ᠤ ᠡᠳᠦᠷ᠂ ᠬᠠᠶᠢᠷᠤᠪ ᠤᠨ ᠲᠣᠬᠤᠶ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠬᠤᠷᠠᠯ ᠢ ᠬᠤᠷᠠᠯᠳᠤᠭᠤᠯᠪᠠ᠃
     ᠬᠤᠷᠠᠯ ᠳᠡᠭᠡᠷ᠎ᠡ᠂ ᠳᠡᠳ᠋ ᠲᠣᠪᠴᠢᠶᠠᠨ ᠳᠠᠷᠤᠭ᠎ᠠ ᠴᠧᠨ ᠰᠢᠨ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠳᠣᠪᠣᠶᠢᠯᠭᠠᠵᠤ᠂ ᠨᠠᠩ ᠶᠡᠭᠡ ᠡᠷᠴᠢᠮ ᠪᠠ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠡᠮᠬᠢ ᠵᠠᠮᠪᠠᠷᠠᠭ᠎ᠠ ᠥᠬᠡᠶ ᠪᠠᠶᠢᠳᠠᠯ ᠢ ᠠᠷᠢᠯᠭᠠᠵᠤ᠂ ᠦᠵᠡᠯ ᠰᠠᠨᠠᠭ᠎ᠠ ᠣᠶᠢᠯᠠᠭᠠᠭᠳᠠᠬᠤᠨ ᠤ ᠬᠠᠷᠰᠢ ᠰᠠᠭᠠᠳ ᠢ ᠠᠷᠢᠯᠭᠠᠵᠤ᠂ ᠰᠤᠷᠲᠠᠯ ᠤᠨ ᠠᠷᠬᠠᠭ ᠪᠠ ᠢᠯᠵᠠᠷᠠᠯ ᠤᠨ ᠠᠷᠬᠠᠭ ᠬᠡᠮ ᠢ ᠠᠷᠢᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠤᠰ ᠲᠥᠷᠥ ᠶᠢᠨ ᠠᠮᠢ ᠠᠬᠤᠶ ᠶᠢᠨ ᠪᠦᠬᠦᠯᠢ ᠴᠣᠭᠴᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠰᠠᠶᠢᠲᠤᠷ ᠵᠠᠮᠨᠠᠬᠤ ᠳᠤ ᠬᠦᠴᠦᠲᠡᠶ ᠬᠥᠲᠥᠯᠥᠨ ᠳᠠᠭᠠᠭᠤᠯᠬᠤ ᠪᠠ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠲᠣᠪᠴᠢᠶ᠎ᠠ ᠶᠢᠨ ᠪᠠᠶᠢᠭᠤᠯᠭ᠎ᠠ ᠶᠢᠨ ᠪᠥᠬᠦ ᠠᠵᠢᠯᠲᠠᠨ ᠲᠠᠷᠠᠭᠠᠴᠢ ᠶᠢᠨ ᠠᠵᠢᠯ ᠤᠨ ᠳᠤᠮᠳᠠ ᠎ ᠪᠠᠨ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠲᠦᠷᠢᠮ ᠤᠨ ᠤᠬᠠᠮᠰᠠᠷ ᠢᠶᠠᠨ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠢᠶᠠᠨ ᠨᠠᠷᠢᠨ ᠬᠢᠨᠠᠮᠠᠭᠠᠶ ᠪᠡᠶᠡᠯᠡᠭᠦᠯᠬᠦ ᠬᠡᠷᠡᠭᠲᠡᠶ᠃ 2020 ᠣᠨ ᠤ ᠠᠵᠢᠯ ᠢᠶᠠᠨ ᠡᠷᠭᠢᠴᠡᠭᠦᠯᠬᠦ ᠶᠢᠨ ᠬᠠᠮᠲᠤ 2021 ᠣᠨ ᠤ ᠠᠵᠢᠯ ᠢᠶᠠᠨ ᠰᠠᠶᠢᠲᠤᠷ ᠬᠢᠵᠦ᠂ ᠰᠢᠨ᠎ᠡ ᠨᠢᠭᠡ ᠵᠢᠯ ᠤᠨ ᠠᠵᠢᠯ ᠤᠨ ᠭᠤᠤᠯᠳᠠᠯᠭ᠎ᠠ ᠪᠠᠨ ᠤᠯᠬᠤ ᠬᠡᠷᠡᠭᠲᠡᠶ᠂ ᠡᠭᠦᠨ ᠤ ᠬᠠᠮᠲᠤ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠰᠢᠨ᠎ᠡ ᠶᠢ ᠡᠭᠦᠳᠬᠦ ᠶᠢ ᠪᠡᠶᠡᠯᠡᠭᠦᠯᠵᠦ᠂ 《 ᠭᠤᠤᠯᠳᠠᠯᠭ᠎ᠠ ᠲᠠᠢ 》 ᠠᠵᠢᠯ ᠢ ᠠᠳᠬᠤᠨ᠂ 《 ᠬᠢᠯᠠᠰ ᠴᠡᠭ 》᠎ ᠢ ᠠᠭᠤᠳᠠᠯᠤᠨ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠦᠶᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号