ᠳᠠᠯᠳᠠ ᠭᠡᠮ ᠢ ᠡᠷᠬᠡᠪᠰᠢ ᠴᠡᠭᠴᠡᠯᠡᠨ ᠵᠠᠰᠠᠬᠤ ᠬᠡᠷᠡᠭᠲᠡᠶ
ᠨᠡᠶᠢᠲᠡᠯᠡᠭᠰᠡᠨ ᠴᠠᠭ᠄
2021/2/23
《 ᠣᠲᠣ ᠠᠰᠠᠷ ᠤᠨ ᠵᠠᠮ ᠤᠨ ᠣᠷᠴᠢᠨ ᠲᠣᠭᠤᠷᠢᠨ ᠴᠡᠪᠡᠷ ᠴᠡᠮᠴᠡᠭᠡᠷ ᠪᠣᠯᠵᠣ᠂ ᠬᠤᠭ ᠨᠣᠪᠰᠢ ᠣᠪᠣᠭᠠᠷᠠᠬᠤ ᠎ ᠪᠠᠨ ᠪᠤᠯᠢᠵᠤ᠂ ᠰᠠᠭᠤᠭᠠᠯᠢ ᠠᠷᠠᠳ ᠤᠨ ᠠᠰᠠᠷ ᠠᠴᠠ ᠪᠠᠭᠤᠬᠤ ᠶᠠᠪᠤᠳᠠᠯ ᠴᠤ ᠤᠷᠤᠭᠰᠢᠲᠠᠶ ᠪᠣᠯᠵᠠᠶ᠃ 22᠎ ᠤᠨ ᠦᠳᠡ ᠶᠢᠨ ᠡᠮᠦᠨ᠎ᠡ᠂ ᠰᠤᠷᠪᠤᠯᠵᠢᠯᠠᠭᠴᠢ ᠬᠠᠢ ᠰᠢᠨ ᠵᠢᠶᠠ ᠶᠤᠸᠠᠨ ᠲᠣᠭᠤᠷᠢᠭ ᠲᠤ ᠬᠦᠷᠬᠦ ᠳᠤ᠂ ᠬᠤᠲᠠ ᠶᠢᠨ ᠠᠷᠠᠳ ᠹᠦ᠋ ᡁᠢ ᠵᠢᠶᠦ᠋ᠨ ᠰᠤᠷᠪᠤᠯᠵᠢᠯᠠᠭᠴᠢ ᠳᠤ᠄ 《 ᠠᠰᠠᠷ ᠤᠨ ᠭᠤᠳᠤᠮᠵᠢ ᠶᠢ ᠡᠷᠦᠢ ᠬᠤᠷᠤᠢ ᠦᠭᠡᠢ ᠣᠪᠣᠭᠠᠯᠠᠵᠤ ᠲᠠᠯᠪᠢᠬᠤ ᠨᠢ ᠠᠮᠤᠷ ᠲᠦᠪᠰᠢᠨ ᠤ ᠭᠡᠮ ᠰᠣᠭᠤᠭ ᠪᠣᠯᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠎ ᠤᠨ ᠲᠠᠯ᠎ᠠ ᠪᠠᠷ ᠴᠥᠮ ᠪᠢᠳᠡᠨ ᠳᠤ ᠠᠰᠢᠭ ᠦᠭᠡᠢ ᠶᠤᠮ᠃》
     ᠬᠠᠢ ᠰᠢᠨ ᠵᠢᠶᠠ ᠶᠤᠸᠠᠨ ᠲᠣᠭᠤᠷᠢᠭ ᠤᠨ ᠠᠰᠠᠷ ᠤᠨ ᠵᠠᠮ ᠲᠤ ᠳᠤᠷ᠎ᠠ ᠪᠠᠷ ᠣᠪᠣᠭᠠᠯᠠᠵᠤ ᠲᠠᠯᠪᠢᠬᠤ ᠪᠠᠶᠢᠳᠠᠯ ᠬᠦᠨᠳᠦ ᠨᠣᠴᠢᠲᠠᠶ ᠪᠠᠢᠨ᠎ᠠ᠃ ᠰᠠᠭᠤᠭᠠᠯᠢ ᠲᠣᠭᠤᠷᠢᠭ ᠤᠨ ᠠᠰᠠᠷ ᠤᠨ ᠵᠠᠮ ᠤᠨ ᠣᠷᠴᠢᠨ ᠲᠣᠭᠤᠷᠢᠨ ᠢ ᠲᠤᠶᠢᠯᠪᠤᠷᠢᠲᠠᠶ ᠰᠠᠶᠢᠵᠢᠷᠠᠭᠤᠯᠬᠤ ᠶᠢᠨ ᠲᠥᠯᠥᠭᠡ᠂ ᠬᠠᠶ ᠰᠢᠨ ᠨᠡᠶᠢᠭᠡᠮ ᠲᠣᠭᠤᠷᠢᠭ ᠲᠦᠷᠦᠭᠦᠯᠡᠨ᠂ ᠬᠠᠷᠢᠶ᠎ᠠ ᠲᠣᠭᠤᠷᠢᠭ ᠤᠨ ᠳᠣᠲᠣᠷᠠᠬᠢ ᠬᠠᠶ ᠰᠢᠨ ᠬᠡᠷ ᠣᠷᠣᠨ ᠤ 24 ᠠᠰᠠᠷ᠂ 107 ᠨᠢᠭᠡᠴᠡ᠂ 1400 ᠭᠠᠷᠤᠶ ᠡᠷᠦᠬᠡ ᠎ ᠶᠢ ᠴᠡᠪᠡᠷᠯᠡᠪᠡ᠃ ᠳ᠋ᠠᠴᠢᠩ ᠵᠠᠮ ᠤᠨ ᠲᠣᠮᠢᠯᠠᠭᠰᠠᠨ ᠰᠠᠯᠪᠤᠷᠢ᠂ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠶᠢᠨ ᠺᠣᠮᠫᠠᠨᠢ᠂ ᠨᠡᠶᠢᠭᠡᠮ ᠲᠣᠭᠤᠷᠢᠭ ᠤᠨ ᠲᠣᠤᠷᠵᠢᠭᠤᠯᠤᠭᠴᠢ ᠬᠠᠮᠲᠤ ᠪᠠᠷ ᠬᠦᠴᠦ ᠭᠠᠷᠭᠠᠵᠤ᠂ ᠣᠯᠠᠨ ᠢᠶᠠᠷ ᠎ ᠢᠶᠠᠨ ᠠᠵᠢᠯ ᠬᠤᠪᠢᠶᠠᠷᠢᠯᠠᠨ ᠬᠠᠮᠵᠢᠯᠴᠠᠵᠤ᠂ ᠨᠡᠭᠦᠯᠭᠡᠭᠰᠡᠨ ᠨᠢ ᠨᠡᠭᠦᠯᠭᠡᠵᠦ᠂ ᠳᠡᠭᠦᠵᠢᠯᠡᠭᠰᠡᠨ ᠨᠢ ᠳᠡᠭᠦᠵᠢᠯᠡᠵᠦ᠂ ᠬᠤᠭ ᠨᠣᠪᠰᠢ ᠶᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠵᠥᠭᠡᠭᠡᠪᠡ᠃
     ᠰᠠᠭᠤᠭᠠᠯᠢ ᠠᠷᠠᠳ ᠤᠨ ᠲᠣᠭᠤᠷᠢᠭ ᠤᠨ ᠬᠡᠰᠡᠭ ᠰᠠᠭᠤᠭᠠᠯᠢ ᠠᠷᠠᠳ ᠬᠡᠷ ᠤᠨ ᠢᠶᠠᠨ ᠡᠯᠳᠡᠪ ᠪᠣᠳᠠᠰ ᠢ ᠠᠰᠠᠷ ᠎ ᠤᠨ ᠭᠤᠳᠤᠮᠵᠢ ᠳᠤ ᠣᠪᠣᠭᠠᠯᠠᠵᠤ ᠲᠠᠯᠪᠢᠬᠤ ᠨᠢ ᠠᠰᠠᠷ ᠤᠨ ᠭᠤᠳᠤᠮᠵᠢ ᠶᠢᠨ ᠠᠮᠤᠷ ᠲᠦᠪᠰᠢᠨ ᠪᠠ ᠣᠷᠴᠢᠨ ᠲᠣᠭᠤᠷᠢᠨ ᠳᠤ ᠮᠠᠰᠢ ᠶᠡᠭᠡ ᠨᠥᠯᠥᠭᠡ ᠦᠵᠡᠭᠦᠯᠳᠡᠭ᠃ ᠰᠠᠭᠤᠭᠠᠯᠢ ᠠᠷᠠᠳ ᠤᠨ ᠲᠣᠭᠤᠷᠢᠭ ᠲᠤ ᠣᠷᠣᠰᠢᠵᠤ ᠪᠠᠶᠢᠭ᠎ᠠ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠠᠰᠠᠷ ᠤᠨ ᠵᠠᠮ ᠢ ᠡᠷᠦᠶ ᠬᠤᠷᠤᠶ ᠥᠬᠡᠶ ᠣᠪᠣᠭᠠᠯᠠᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠡᠭᠦᠨ ᠠᠴᠠ ᠡᠮᠦᠨ᠎ᠡ᠂ ᠨᠡᠶᠢᠭᠡᠮ ᠲᠣᠭᠤᠷᠢᠭ ᠤᠨ ᠲᠣᠤᠷᠵᠢᠯ ᠤᠨ ᠠᠵᠢᠯᠲᠠᠨ ᠰᠠᠶᠢᠨ ᠳᠤᠷ᠎ᠠ ᠶᠢᠨ ᠠᠵᠢᠯᠯᠠᠭᠴᠢ ᠶᠢ ᠳᠠᠭᠠᠭᠤᠯᠤᠨ ᠰᠠᠭᠤᠭᠠᠯᠢ ᠠᠷᠠᠳ ᠤᠨ ᠲᠣᠭᠤᠷᠢᠭ ᠲᠤ ᠬᠦᠷᠴᠦ᠂ ᠠᠰᠠᠷ ᠤᠨ ᠵᠠᠮ ᠢᠶᠠᠷ ᠳᠡᠮᠵᠢᠨ ᠡᠯᠳᠡᠪ ᠶᠠᠭᠤᠮ᠎ᠠ ᠶᠢᠨ ᠪᠠᠶᠢᠳᠠᠯ ᠢ ᠪᠦᠷᠢᠳᠬᠡᠬᠦ ᠶᠢᠨ ᠬᠠᠮᠲᠤ ᠠᠰᠠᠷ ᠤᠨ ᠵᠠᠮ ᠳᠤ ᠱᠠᠬᠠᠶ ᠶᠢᠨ ᠲᠠᠯᠪᠢᠭᠤᠷ᠂ ᠲᠥᠬᠦᠮ ᠬᠤᠪᠴᠠᠰᠤᠨ ᠤ ᠬᠤᠷᠭᠤ᠂ ᠬᠤᠭ ᠨᠣᠪᠰᠢ ᠶᠢᠨ ᠰᠠᠪᠠ ᠵᠡᠷᠭᠡ ᠡᠳ᠋ ᠪᠣᠳᠠᠰ ᠲᠠᠯᠪᠢᠵᠤ ᠪᠠᠶᠢᠭ᠎ᠠ ᠠᠶᠢᠯ ᠡᠷᠦᠬᠡ ᠶᠢ ᠨᠠᠷᠢᠨ ᠨᠢᠮᠪᠠᠶ ᠢᠳᠬᠠᠵᠠᠶ᠃
     ᠬᠠᠶ ᠰᠢᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ ᠤᠨ ᠱᠦᠵᠢ ᠸᠠᠩ ᠢᠦ᠋ᠶ ᠵᠢᠩ ᠢᠯᠡᠷᠬᠡᠶᠢᠯᠡᠬᠦ ᠳᠡᠭᠡᠨ᠂ ᠬᠠᠶ ᠰᠢᠨ ᠨᠡᠶᠢᠭᠡᠮ ᠲᠣᠭᠤᠷᠢᠭ ᠤᠨ ᠣᠷᠴᠢᠨ ᠠᠬᠤᠶ ᠶᠢ ᠴᠡᠭᠴᠡᠯᠡᠨ ᠵᠠᠰᠠᠬᠤ ᠠᠵᠢᠯ ᠢ ᠨᠢᠭᠡᠨᠲᠡ ᠴᠡᠭ ᠠᠴᠠ ᠪᠥᠬᠦ ᠲᠠᠯ᠎ᠠ ᠳᠤ ᠪᠥᠬᠦ ᠲᠠᠯ᠎ᠠ ᠪᠠᠷ ᠥᠷᠨᠢᠭᠦᠯᠵᠦ᠂ ᠣᠲᠣ ᠪᠣᠯᠲᠠᠯ᠎ᠠ ᠬᠠᠷᠢᠶᠠᠲᠤ ᠣᠷᠣᠨ ᠤ ᠠᠰᠠᠷ ᠤᠨ ᠵᠠᠮ ᠲᠦᠭᠵᠢᠷᠡᠵᠦ ᠪᠠᠶᠢᠭ᠎ᠠ ᠪᠠᠶᠢᠳᠠᠯ ᠢ ᠦᠨᠳᠦᠰᠦᠨ ᠳᠡᠭᠡᠨ ᠠᠷᠢᠯᠭᠠᠪᠠ ᠭᠡᠵᠡᠶ᠃ ᠵᠠᠯᠭᠠᠭᠠᠳ᠂ ᠨᠡᠶᠢᠭᠡᠮ ᠲᠣᠭᠤᠷᠢᠭ ᠨᠢ ᠲᠣᠤᠷᠵᠢᠯ ᠤᠨ ᠳᠠᠷᠤᠭ᠎ᠠ ᠶᠢ ᠵᠣᠬᠢᠶᠠᠨ ᠪᠠᠶᠢᠭᠤᠯᠵᠤ ᠬᠠᠷᠢᠶᠠᠲᠤ ᠣᠷᠣᠨ ᠤ ᠳᠣᠲᠣᠷᠠᠬᠢ ᠠᠰᠠᠷ ᠤᠨ ᠬᠤᠩᠭᠢᠯ ᠤᠨ ᠪᠠᠶᠢᠳᠠᠯ ᠢ ᠪᠠᠶᠢᠩᠭᠤᠵᠢᠭᠤᠯᠤᠨ ᠲᠣᠭᠤᠷᠢᠨ ᠪᠠᠶᠢᠴᠠᠭᠠᠬᠤ ᠶᠢᠨ ᠬᠠᠮᠲᠤ᠂ ᠠᠰᠠᠷ ᠤᠨ ᠬᠤᠩᠭᠢᠯ ᠤᠨ ᠳᠤᠮᠳᠠ ᠰᠢᠨ᠎ᠡ ᠪᠠᠷ ᠢᠯᠡᠷᠡᠭᠰᠡᠨ ᠡᠯᠳᠡᠪ ᠶᠠᠭᠤᠮ᠎ᠠ ᠵᠢᠴᠢ ᠡᠳ᠋ ᠪᠣᠳᠠᠰ ᠢ ᠴᠠᠭ ᠲᠤᠬᠠᠶ ᠳᠤᠨᠢ ᠰᠢᠶᠳᠪᠦᠷᠢᠯᠡᠵᠦ᠂ ᠠᠰᠠᠷ ᠤᠨ ᠵᠠᠮ ᠤᠨ ᠰᠠᠭᠠᠳ ᠦᠭᠡᠶ ᠨᠡᠪᠲᠡᠷᠡᠬᠦ᠂ ᠣᠷᠴᠢᠨ ᠲᠣᠭᠤᠷᠢᠨ ᠤ ᠴᠡᠪᠡᠷ ᠲᠡᠭᠰᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠨᠡᠶᠢᠭᠡᠮ ᠲᠣᠭᠤᠷᠢᠭ ᠨᠢ ᠣᠯᠠᠨ ᠲᠦᠮᠡᠨ ᠢ ᠥᠷᠭᠡᠨ ᠢᠶᠠᠷ ᠳᠠᠶᠢᠴᠢᠯᠠᠬᠤ ᠪᠠ ᠣᠯᠠᠨ ᠲᠠᠯ᠎ᠠ ᠶᠢᠨ ᠬᠦᠴᠦᠨ ᠢ ᠵᠣᠷᠢᠭᠵᠢᠭᠤᠯᠬᠤ ᠪᠠᠷ ᠳᠡᠮᠵᠢᠨ᠂ ᠬᠠᠷᠢᠶᠠᠲᠤ ᠣᠷᠣᠨ ᠤ ᠳᠣᠲᠣᠷᠠᠬᠢ ᠣᠷᠴᠢᠨ ᠲᠣᠭᠤᠷᠢᠨ ᠤ 《 ᠪᠤᠵᠠᠷ ᠰᠠᠮᠠᠭᠤᠨ ᠪᠠᠷᠤᠭᠲᠠᠶ 》 ᠪᠠᠶᠢᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠲᠠᠭᠠᠯᠠᠮᠵᠢᠲᠠᠶ᠂ ᠡᠶ᠎ᠡ ᠵᠣᠬᠢᠴᠠᠩᠭᠤᠶ᠂ ᠠᠮᠤᠷ ᠲᠦᠪᠰᠢᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠪᠣᠶ ᠪᠣᠯᠭᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号