ᠠᠷᠠᠳ ᠲᠦᠮᠡᠨ ᠢᠶᠠᠷ ᠭᠤᠤᠯ ᠪᠣᠯᠭᠠᠵᠤ ᠠᠷᠠᠳ ᠤᠨ ᠲᠥᠯᠥᠭᠡ ᠪᠣᠳᠠᠲᠠᠶ ᠠᠵᠢᠯ ᠬᠢᠶ᠎ᠠ —ᠰᠢᠨᠬᠤᠸᠠ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ《 ᠬᠤᠶᠠᠷ ᠵᠥᠪᠯᠡᠯ 》᠎ ᠤᠨ ᠬᠤᠭᠤᠴᠠᠭ᠎ᠠ ᠰᠣᠯᠢᠬᠤ 《 ᠲᠤᠰᠢᠶᠠᠯ ᠳᠤ ᠭᠠᠷᠬᠤ ᠨᠢᠭᠡ ᠶᠠᠪᠤᠳᠠᠯ 》᠎ ᠤᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2021/2/24
     ᠨᠡᠶᠢᠭᠡᠮ ᠲᠣᠭᠤᠷᠢᠭ ᠤᠨ 《 ᠬᠤᠶᠠᠷ ᠵᠥᠪᠯᠡᠯ 》᠎ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠪᠣᠯ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠨᠢᠭᠡᠨ ᠴᠢᠬᠤᠯᠠ ᠠᠭᠤᠯᠭ᠎ᠠ ᠪᠣᠯᠤᠨ᠎ᠠ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠎ ᠶᠢᠨ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠷᠠᠳᠴᠢᠯᠠᠯ ᠤᠨ ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠬᠦ ᠶᠢ ᠪᠠᠲᠤᠯᠠᠨ᠎ᠠ᠂ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠤᠭᠤᠴᠠᠭ᠎ᠠ ᠰᠣᠯᠢᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠡᠷᠬᠡ ᠲᠡᠭᠰᠢ ᠪᠠᠶᠢᠬᠤ ᠶᠢ ᠴᠢᠩᠭ᠎ᠠ ᠬᠡᠷᠡᠭᠵᠢᠭᠦᠯᠬᠦ᠂ ᠢᠯᠡ᠂ ᠲᠥᠪ ᠭᠤᠣᠯᠴᠢ ᠬᠠᠤᠯᠢ ᠎ ᠪᠠᠷ ᠲᠣᠭᠲᠠᠭᠠᠭᠰᠠᠨ ᠵᠢᠷᠤᠮ᠂ ᠪᠢᠯᠧᠲ ᠥᠭᠬᠦ᠂ ᠫᠢᠶᠣᠣ ᠳᠠᠭᠤᠯᠠᠬᠤ᠂ ᠫᠢᠶᠣᠣ ᠪᠦᠷᠢᠳᠬᠡᠬᠦ᠂ ᠰᠣᠩᠭᠤᠭᠤᠯᠢ ᠶᠢᠨ ᠦᠷ᠎ᠡ ᠳ᠋ᠦᠩ ᠢ ᠨᠡᠶᠢᠲᠡᠯᠡᠬᠦ ᠶᠢᠨ ᠬᠠᠮᠲᠤ ᠵᠠᠷ ᠨᠠᠭᠠᠵᠤ ᠨᠡᠶᠢᠲᠡᠯᠡᠬᠦ ᠵᠡᠷᠭᠡ ᠶᠠᠪᠤᠴᠠ᠂ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠵᠥᠪᠯᠡᠯ ᠪᠦᠬᠦ ᠶᠠᠪᠤᠴᠠ ᠳᠤ ᠣᠷᠣᠯᠴᠠᠪᠠ᠂ ᠪᠦᠬᠦ ᠶᠠᠪᠤᠴᠠ ᠶᠢᠨ ᠲᠡᠮᠳᠡᠭᠯᠡᠯ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠎ ᠤᠨ ᠪᠦᠬᠦ ᠶᠠᠪᠤᠴᠠ ᠳᠤ ᠦᠨᠡᠨᠬᠦ ᠲᠤᠤᠱᠯᠠᠭᠤᠯᠬᠤ ᠬᠡᠷᠡᠭᠲᠡᠶ᠂ ᠰᠣᠩᠭᠤᠭᠤᠯᠢ ᠶᠢᠨ ᠠᠷᠠᠳ ᠨᠢᠭᠡᠪᠦᠷᠢ ᠥᠪᠡᠷ ᠤᠨ ᠠᠷᠠᠳᠴᠢᠯᠠᠯ ᠤᠨ ᠡᠷᠬᠡ ᠪᠠᠨ ᠭᠦᠶᠴᠡᠳ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠶ᠂ ᠦᠵᠡᠯ ᠰᠠᠨᠠᠭ᠎ᠠ ᠨᠢ ᠰᠠᠶᠢᠨ᠂ ᠣᠪᠣᠷ ᠰᠤᠷᠲᠠᠯ ᠲᠥᠪ᠂ ᠴᠢᠳᠠᠪᠤᠷᠢ ᠰᠠᠶᠢᠲᠠᠶ᠂ ᠣᠯᠠᠨ ᠲᠦᠮᠡᠨ ᠤ ᠬᠦᠷᠢᠶᠡᠯᠡᠵᠦ  ᠪᠠᠶᠢᠭ᠎ᠠ ᠨᠡᠶᠢᠭᠡᠮ ᠲᠣᠭᠤᠷᠢᠭ ᠎ ᠤᠨ《 ᠭᠡᠷ ᠤᠨ ᠡᠵᠡᠨ 》᠎ ᠶᠢ ᠰᠤᠩᠭᠤᠬᠤ ᠬᠡᠷᠡᠭᠲᠡᠢ᠃      ᠳᠡᠭᠡᠳᠦ ᠱᠠᠲᠤᠨ ᠤ ᠨᠡᠶᠢᠭᠡᠮ ᠲᠣᠭᠤᠷᠢᠭ ᠤᠨ 《 ᠬᠤᠶᠠᠷ ᠵᠥᠪᠯᠡᠯ 》᠎ ᠤᠨ ᠬᠤᠭᠤᠴᠠᠭ᠎ᠠ ᠰᠣᠯᠢᠬᠤ ᠠᠵᠢᠯ ᠤᠨ ᠲᠤᠬᠠᠶ ᠱᠠᠭᠠᠷᠳᠠᠯᠭ᠎ᠠ ᠪᠠ ᠪᠠᠶᠢᠷᠢᠯᠠᠭᠤᠯᠤᠯᠲᠠ ᠶᠣᠰᠣᠭᠠᠷ᠂ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ 1 ᠰᠠᠷ᠎ᠠ ᠶᠢᠨ 26᠎ ᠤ ᠡᠳᠦᠷ ᠨᠡᠶᠢᠭᠡᠮ ᠲᠣᠭᠤᠷᠢᠭ ᠤᠨ 《 ᠬᠤᠶᠠᠷ ᠵᠥᠪᠯᠡᠯ 》᠎ ᠤᠨ ᠬᠤᠭᠤᠴᠠᠭ᠎ᠠ ᠰᠣᠯᠢᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠡ᠃ ᠰᠢᠨ᠎ᠡ ᠨᠢᠭᠡ ᠬᠤᠭᠤᠴᠠᠭᠠᠨ ᠤ ᠨᠡᠶᠢᠭᠡᠮ ᠲᠣᠭᠤᠷᠢᠭ ᠤᠨ 《 ᠬᠤᠶᠠᠷ ᠵᠥᠪᠯᠡᠯ 》᠎ ᠤᠨ ᠪᠠᠭ ᠤᠨ ᠪᠦᠷᠢᠯᠳᠦᠬᠦᠨ ᠤ ᠬᠠᠷᠢᠭᠤᠴᠠᠯᠭᠠᠲᠤ ᠤᠬᠠᠮᠰᠠᠷ ᠢ ᠦᠨᠡᠨ ᠬᠦ ᠴᠢᠩᠭᠠᠳᠬᠠᠵᠤ᠂ ᠪᠠᠭ ᠤᠨ ᠣᠯᠠᠨ ᠲᠦᠮᠡᠨ ᠢ ᠵᠣᠬᠢᠶᠠᠨ ᠪᠠᠶᠢᠭᠤᠯᠬᠤ᠂ ᠣᠯᠠᠨ ᠲᠦᠮᠡᠨ ᠢ ᠨᠢᠭᠲᠠᠷᠠᠭᠤᠯᠬᠤ᠂ ᠣᠯᠠᠨ ᠲᠦᠮᠡᠨ ᠳᠤ ᠦᠶᠯᠡᠴᠢᠯᠡᠬᠦ ᠪᠠ ᠦᠨᠳᠦᠰᠦᠨ ᠱᠠᠲᠤᠨ ᠤ ᠠᠵᠤ ᠠᠬᠤᠶ ᠨᠡᠶᠢᠭᠡᠮ ᠲᠣᠭᠤᠷᠢᠭ ᠤᠨ ᠬᠥᠭᠵᠢᠯᠲᠡ ᠎ ᠶᠢᠨ ᠶᠡᠭᠡ ᠲᠠᠯ᠎ᠠ ᠳᠤ ᠦᠶᠯᠡᠴᠢᠯᠡᠬᠦ ᠳᠠᠶᠢᠴᠢᠨ ᠪᠠᠬᠢᠯᠡᠯᠲᠡ ᠶᠢᠨ ᠦᠶᠯᠡᠳᠦᠯ ᠢ ᠭᠦᠶᠴᠡᠳ ᠪᠠᠳᠠᠷᠠᠭᠤᠯᠬᠤ ᠶᠢᠨ ᠲᠥᠯᠥᠭᠡ᠂ ᠰᠢᠨᠬᠤᠸᠠ ᠵᠡᠭᠡᠯᠢ ᠭᠤᠳᠤᠮᠵᠢ ᠠᠴᠠ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶ᠎ᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠨᠡᠶᠢᠭᠡᠮ ᠲᠣᠭᠤᠷᠢᠭ ᠤᠨ 《 ᠬᠤᠶᠠᠷ ᠵᠥᠪᠯᠡᠯ 》᠎ ᠤᠨ ᠬᠤᠭᠤᠴᠠᠭ᠎ᠠ ᠰᠣᠯᠢᠬᠤ 《 ᠲᠤᠰᠢᠶᠠᠯ ᠳᠤ ᠭᠠᠷᠬᠤ ᠨᠢᠭᠡ ᠶᠠᠪᠤᠳᠠᠯ 》᠎ ᠤᠨ ᠬᠠᠮᠢᠶ᠎ᠠ ᠪᠥᠬᠦᠶ ᠠᠵᠢᠯ ᠢ ᠥᠷᠨᠢᠭᠦᠯᠪᠡ᠃     ᠰᠢᠨᠬᠤᠸᠠ ᠵᠡᠭᠡᠯᠢ ᠭᠤᠳᠤᠮᠵᠢ ᠶᠢᠨ ᠺᠠᠩ ᠯᠧ ᠨᠡᠶᠢᠭᠡᠮ ᠲᠣᠭᠤᠷᠢᠭ᠂ ᠲᠣᠰ ᠨᠡᠶᠢᠭᠡᠮ ᠲᠣᠭᠤᠷᠢᠭ 1 ᠰᠠᠷ᠎ᠠ ᠎ ᠶᠢᠨ 8᠎ ᠤ ᠡᠳᠦᠷ ᠨᠠᠮ ᠤᠨ ᠬᠤᠷᠢᠶᠠᠨ ᠤ ᠬᠤᠭᠤᠴᠠᠭ᠎ᠠ ᠰᠣᠯᠢᠬᠤ ᠠᠵᠢᠯ ᠢ ᠳᠠᠭᠤᠰᠬᠠᠵᠤ᠂ 1 ᠰᠠᠷ᠎ᠠ ᠶᠢᠨ 26᠎ ᠤ ᠡᠳᠦᠷ ᠰᠠᠭᠤᠭᠠᠯᠢ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠠᠵᠢᠯ ᠢ ᠳᠠᠭᠤᠰᠬᠠᠵᠤ᠂ 《 ᠬᠤᠶᠠᠷ ᠵᠥᠪᠯᠡᠯ 》᠎ ᠤᠨ ᠤᠳᠤᠷᠢᠳᠬᠤ ᠪᠠᠭ ᠢ ᠨᠡᠶᠢᠲᠡ 11 ᠬᠥᠮᠦᠨ ᠰᠣᠩᠭᠤᠵᠤ ᠭᠠᠷᠭᠠᠪᠠ᠃ ᠰᠢᠨ᠎ᠡ ᠤᠳᠤᠷᠢᠳᠬᠤ ᠪᠠᠭ ᠎ ᠤᠨ ᠲᠤᠰᠢᠶᠠᠯ ᠳᠤ ᠭᠠᠷᠬᠤ ᠨᠢᠭᠡᠳᠦᠭᠡᠷ ᠠᠵᠢᠯ ᠪᠣᠯ ᠰᠠᠭᠤᠭᠠᠯᠢ ᠠᠷᠠᠳ ᠤᠨ ᠬᠠᠮᠤᠭ ᠠᠴᠠ ᠠᠩᠬᠠᠷᠴᠤ ᠪᠠᠶᠢᠭ᠎ᠠ ᠠᠩᠬᠠᠷᠤᠯ ᠲᠥᠪᠯᠡᠷᠡᠭᠰᠡᠨ ᠠᠰᠠᠭᠤᠳᠠᠯ ᠢ ᠬᠤᠷᠳᠤᠨ ᠮᠣᠷᠢᠨ ᠳᠤ ᠲᠠᠰᠢᠭᠤᠷ ᠨᠡᠮᠡᠵᠦ ᠰᠢᠶᠳᠪᠦᠷᠢᠯᠡᠬᠦ ᠶᠠᠪᠤᠳᠠᠯ ᠪᠣᠯᠤᠨ᠎ᠠ᠃      ᠺᠠᠩ ᠯᠧ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠯᠢᠦ ᠷᠦᠢ ᠯᠢᠩ ᠤᠨ ᠲᠠᠨᠢᠯᠴᠠᠭᠤᠯᠤᠭᠰᠠᠨ ᠢᠶᠠᠷ᠂ ᠴᠢᠶᠠᠨ ᠰᠢ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ ᠪᠠᠷᠠᠭᠤᠨ ᠡᠭᠦᠳᠡ ᠨᠢ ᠸᠠᠨ ᠳ᠋ᠠ ᠠᠭᠤᠳᠠᠮ ᠲᠠᠯᠠᠪᠠᠢ ᠶᠢᠨ ᠣᠶᠢᠷᠠᠯᠴᠠᠭ᠎ᠠ ᠪᠠᠶᠢᠷᠢᠯᠠᠵᠤ᠂ ᠲᠡᠷᠭᠡ ᠬᠥᠰᠬᠡ᠂ ᠬᠥᠮᠦᠨ ᠬᠠᠷ᠎ᠠ ᠤᠯᠠᠨ᠂ ᠭᠠᠳᠠᠨ᠎ᠠ ᠠᠴᠠ ᠢᠷᠡᠭᠰᠡᠨ ᠲᠡᠷᠭᠡ ᠬᠥᠰᠬᠡ ᠵᠢᠴᠢ ᠬᠥᠮᠦᠰ ᠳᠤᠷ᠎ᠠ ᠪᠠᠷ ᠢᠶᠠᠨ ᠣᠷᠣᠵᠤ ᠭᠠᠷᠴᠤ᠂ ᠭᠠᠯ ᠤᠨᠲᠠᠷᠠᠭᠠᠬᠤ ᠵᠠᠮ ᠢ ᠡᠵᠡᠯᠡᠨ ᠬᠡᠷᠡᠭᠯᠡᠵᠦ ᠪᠠᠶᠢᠳᠠᠭ ᠠᠴᠠ ᠬᠦᠨᠳᠦ ᠶᠡᠭᠡ ᠠᠮᠤᠷ ᠲᠦᠪᠰᠢᠨ ᠤ ᠭᠡᠮ ᠰᠣᠭᠤᠭ ᠣᠷᠣᠰᠢᠵᠤ ᠪᠠᠶᠢᠨ᠎ᠠ᠃ ᠺᠠᠩ ᠯᠧ ᠨᠡᠶᠢᠭᠡᠮ ᠲᠣᠭᠤᠷᠢᠭ ᠤᠨ ᠰᠢᠨ᠎ᠡ ᠨᠢᠭᠡ ᠬᠤᠭᠤᠴᠠᠭᠠᠨ ᠤ 《 ᠬᠤᠶᠠᠷ ᠵᠥᠪᠯᠡᠯ 》᠎ ᠤᠨ ᠤᠳᠤᠷᠢᠳᠬᠤ ᠪᠠᠭ ᠨᠢ ᠰᠠᠭᠤᠭᠠᠯᠢ ᠠᠷᠠᠳ ᠤᠨ ᠪᠠᠷᠠᠭᠤᠨ ᠶᠡᠭᠡ ᠡᠭᠦᠳᠡᠨ ᠤ ᠬᠤᠷᠢᠭ᠎ᠠ ᠤᠭᠰᠠᠷᠠᠬᠤ ᠴᠢᠬᠤᠯᠠᠲᠠᠶ ᠪᠠᠶᠢᠬᠤ ᠡᠨᠡ ᠬᠦ ᠬᠡᠷᠡᠭᠴᠡᠭᠡ ᠶᠢ ᠮᠡᠳᠡᠭᠰᠡᠨ ᠤ ᠳᠠᠷᠠᠭ᠎ᠠ᠂ ᠠᠳᠠᠯ ᠠᠬᠤᠶ ᠶᠢᠨ ᠦᠶᠯᠡᠰ ᠢ ᠢᠳᠡᠪᠬᠢᠲᠡᠶ ᠵᠣᠬᠢᠶᠠᠨ ᠪᠠᠶᠢᠭᠤᠯᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠲᠣᠰ ᠬᠡᠷᠡᠭ ᠢ ᠬᠠᠮᠲᠤ ᠪᠠᠷ ᠵᠥᠪᠳᠡᠯᠴᠡᠨ᠂ ᠠᠷᠠᠳ ᠣᠯᠠᠨ ᠤ ᠪᠠᠴᠢᠮ ᠶᠠᠪᠤᠳᠠᠯ ᠬᠦᠴᠢᠷ ᠶᠠᠪᠤᠳᠠᠯ ᠢ ᠰᠡᠳᠬᠢᠯ ᠳᠡᠯᠪᠢᠨ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠰᠢᠶᠳᠪᠦᠷᠢᠯᠡᠪᠡ᠃    《 ᠤᠯᠠᠨ ᠢᠶᠠᠷ ᠢᠶᠠᠨ ᠨᠡᠶᠢᠭᠡᠮ ᠲᠣᠭᠤᠷᠢᠭ ᠤᠨ ᠱᠦᠵᠢ ᠶᠢᠨ ᠲᠠᠭᠠᠭᠤᠯᠭ᠎ᠠ ᠳᠣᠣᠷ᠎ᠠ᠂ ᠰᠠᠭᠤᠭᠠᠯᠢ ᠠᠷᠠᠳ ᠎ ᠤᠨ ᠲᠣᠭᠤᠷᠢᠭ ᠤᠨ ᠶᠡᠭᠡ ᠡᠭᠦᠳᠡᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠣᠳᠠᠲᠤ ᠪᠠᠶᠢᠳᠠᠯ ᠢ ᠭᠦᠢᠴᠡᠳ ᠡᠵᠡᠮᠰᠢᠪᠡ᠃ ᠪᠠᠭ ᠤᠨ ᠳᠣᠲᠣᠭᠠᠳᠤ ᠳᠠᠭᠠᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠬᠤᠪᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠤᠨ᠂ ᠬᠤᠷᠳᠤᠨ ᠮᠤᠷᠢᠨ ᠎ ᠳᠤ ᠲᠠᠰᠢᠭᠤᠷ ᠨᠡᠮᠡᠵᠦ ᠠᠬᠢᠴᠠ ᠶᠢ ᠨᠢ ᠠᠳᠬᠤᠵᠤ᠂ ᠰᠢᠨ᠎ᠡ ᠪᠠᠭ ᠤᠨ ᠴᠢᠷᠮᠠᠶᠢᠯᠭ᠎ᠠ ᠪᠠᠷ ᠳᠠᠮᠵᠢᠨ ᠪᠠᠷᠠᠭᠤᠨ ᠶᠡᠭᠡ ᠡᠭᠦᠳᠡᠨ ᠤ ᠬᠤᠷᠢᠭ᠎ᠠ ᠶᠢ ᠠᠮᠵᠢᠯᠲᠠ ᠲᠠᠢ ᠪᠠᠷ ᠤᠭᠰᠠᠷᠠᠨ ᠳᠠᠭᠤᠰᠬᠠᠵᠤ᠂ ᠰᠠᠭᠤᠭᠠᠯᠢ ᠠᠷᠠᠳ ᠢ ᠬᠠᠪᠰᠤᠷᠤᠨ ᠤᠯᠠᠨ ᠵᠢᠯ ᠭᠠᠴᠢᠭᠳᠠᠭᠰᠠᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠪᠡ᠃ ᠯᠢᠦ ᠷᠦᠢ ᠯᠢᠩ᠂ 《 ᠲᠠᠷᠠᠭᠠᠴᠢ ᠶᠢᠨ ᠠᠯᠬᠤᠮ ᠳᠤ᠂ ᠪᠢᠳᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠤᠯᠠᠨ ᠲᠦᠮᠡᠨ ᠳᠤ ᠰᠡᠳᠬᠢᠯ ᠲᠠᠯᠪᠢᠨ ᠦᠢᠯᠡᠴᠢᠯᠡᠵᠦ᠂ ᠨᠢᠭᠡ ᠬᠥᠮᠦᠨ ᠢᠶᠠᠷ ᠨᠢᠭᠡ ᠪᠦᠯᠦᠭ ᠬᠥᠮᠦᠰ ᠢ ᠨᠥᠯᠥᠭᠡᠯᠡᠵᠦ᠂ ᠨᠢᠭᠡ ᠪᠦᠯᠦᠭ ᠬᠥᠮᠦᠨ ᠢᠶᠠᠷ ᠨᠢᠭᠡ ᠬᠤᠳᠠ ᠶᠢ ᠨᠥᠯᠥᠭᠡᠯᠡᠵᠦ᠂ 〈 ᠤᠴᠢ ᠦᠰᠦᠷᠦᠭᠡᠳ ᠠᠭᠤᠯᠠ ᠰᠢᠲᠠᠭᠠᠨ᠎ᠠ 〉᠃ 》      ᠰᠢᠨᠬᠤᠸᠠ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ ᠵᠠᠩ ᠰᠢᠶᠤᠤ ᠫᠧᠩ᠂ ᠬᠤᠭᠤᠴᠠᠭ᠎ᠠ ᠰᠣᠯᠢᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠪᠣᠭᠤᠮᠲᠠ ᠶᠢ ᠴᠢᠩᠭ᠎ᠠ ᠰᠠᠬᠢᠵᠤ᠂ ᠲᠦᠷᠦᠭᠦᠯᠡᠨ ᠶᠡᠷᠦᠩᠬᠡᠢ ᠎ ᠳᠤᠨᠢ ᠠᠳᠬᠤᠵᠤ᠂ ᠶᠡᠷᠦᠩᠬᠡᠶᠢᠯᠡᠨ ᠵᠣᠬᠢᠴᠠᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠦᠬᠦ ᠶᠠᠪᠤᠴᠠ ᠳᠤ ᠨᠡᠶᠢᠭᠡᠮ ᠲᠣᠭᠤᠷᠢᠭ ᠤᠨ 《 ᠬᠤᠶᠠᠷ ᠵᠥᠪᠯᠡᠯ 》᠎ ᠤᠨ ᠬᠤᠭᠤᠴᠠᠭ᠎ᠠ ᠰᠣᠯᠢᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠪᠠ᠃ᠤᠬᠠᠭᠤᠯᠭ᠎ᠠ ᠪᠣᠯᠪᠠᠰᠤᠷᠠᠭᠤᠯᠤᠯ ᠤᠨ ᠪᠣᠭᠤᠮᠲᠠ ᠶᠢ ᠴᠢᠩᠭ᠎ᠠ ᠠᠳᠬᠤᠵᠤ ᠂ ᠣᠯᠠᠨ ᠵᠦᠶᠯ ᠤᠨ ᠬᠡᠯᠪᠡᠷᠢ ᠪᠠᠷ ᠬᠤᠭᠤᠴᠠᠭ᠎ᠠ ᠰᠣᠯᠢᠬᠤ ᠰᠣᠩᠭᠤᠭᠤᠯᠢ ᠶᠢᠨ ᠤᠬᠠᠭᠤᠯᠭ᠎ᠠ ᠶᠢ ᠴᠢᠩᠭᠠᠳᠬᠠᠵᠤ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠲᠦᠮᠡᠨ ᠤ ᠰᠠᠭᠤᠷᠢ ᠪᠠᠲᠤ ᠪᠠᠬᠢ ᠪᠣᠯᠪᠠ᠃ᠬᠤᠭᠤᠴᠠᠭ᠎ᠠ ᠰᠣᠯᠢᠬᠤ ᠶᠢᠨ ᠬᠢᠨᠠᠨ ᠪᠤᠳᠤᠬᠤ ᠪᠣᠭᠤᠮᠲᠠ ᠶᠢ ᠴᠢᠩᠭ᠎ᠠ ᠠᠳᠬᠤᠵᠤ᠂ ᠡᠯ᠎ᠡ ᠨᠡᠶᠢᠭᠡᠮ ᠲᠣᠭᠤᠷᠢᠭ 《 〈 ᠬᠤᠶᠠᠷ ᠵᠥᠪᠯᠡᠯ 〉᠎ ᠤᠨ ᠬᠤᠭᠤᠴᠠᠭ᠎ᠠ ᠰᠣᠯᠢᠬᠤ ᠶᠢᠨ ᠬᠢᠨᠠᠨ ᠪᠤᠳᠤᠬᠤ ᠠᠵᠢᠯ ᠤᠨ ᠠᠬᠢᠴᠠ ᠎ ᠶᠢᠨ ᠬᠦᠰᠦᠨᠦᠭᠲᠦ 》᠎ ᠶᠢ ᠭᠠᠷᠠᠭ ᠢᠶᠠᠷ ᠮᠡᠳᠡᠭᠦᠯᠦᠨ ᠬᠦᠷᠭᠡᠵᠦ᠂ ᠬᠢᠨᠠᠨ ᠪᠤᠳᠤᠭᠰᠠᠨ ᠦᠷ᠎ᠡ ᠳ᠋ᠦᠩ ᠵᠢᠴᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠢᠯᠡ ᠨᠡᠶᠢᠲᠡᠯᠡᠵᠦ᠂ ᠢᠯᠡ ᠨᠡᠶᠢᠲᠡᠯᠡᠬᠦ ᠶᠢ ᠦᠨᠡᠨᠬᠦ ᠪᠠᠲᠤᠯᠠᠨ᠎ᠠ᠃ ᠬᠤᠭᠤᠴᠠᠭ᠎ᠠ ᠰᠣᠯᠢᠬᠤ ᠳᠡᠰ ᠳᠠᠷᠠᠭᠠᠯᠠᠯ ᠤᠨ ᠪᠣᠭᠤᠮᠲᠠ ᠶᠢ ᠴᠢᠩᠭ᠎ᠠ ᠰᠠᠬᠢᠵᠤ᠂ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠠᠮ ᠤᠨ ᠭᠡᠰᠢᠭᠦᠨ ᠤᠯᠠᠨ ᠲᠦᠮᠡᠨ ᠤ ᠭᠡᠷ ᠲᠤ ᠭᠦᠨᠵᠡᠭᠡᠶᠢᠷᠡᠵᠦ᠂ ᠰᠣᠩᠭᠤᠭᠤᠯᠢ ᠶᠢᠨ ᠪᠠᠶᠢᠳᠠᠯ ᠢ ᠣᠶᠢᠯᠠᠭᠠᠬᠤ᠂ ᠰᠤᠷᠪᠤᠯᠵᠢᠯᠠᠨ ᠪᠠᠶᠢᠴᠠᠭᠠᠬᠤ᠂ ᠪᠦᠬᠦ ᠨᠡᠷᠡᠶᠢᠳᠦᠯ ᠢᠶᠠᠷ ᠱᠠᠯᠠᠪᠳᠠᠭᠤᠯᠤᠨ ᠵᠢᠯᠣᠭᠤᠳᠬᠤ ᠵᠡᠷᠭᠡ ᠠᠵᠢᠯ ᠳᠤ ᠣᠷᠣᠯᠴᠠᠵᠤ᠂ ᠪᠦᠬᠦ ᠶᠠᠪᠤᠴᠠ ᠨᠢ ᠵᠢᠷᠤᠮᠵᠢᠯ ᠲᠠᠢ ᠴᠢᠩᠭ᠎ᠠ ᠨᠢᠮᠪᠠᠢ ᠪᠠᠶᠢᠬᠤ ᠬᠡᠷᠡᠭᠲᠡᠢ᠃ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠪᠣᠭᠤᠮᠲᠠ ᠶᠢ ᠴᠢᠩᠭ᠎ᠠ ᠠᠳᠬᠤᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠳᠦᠷᠢᠮ ᠢ ᠴᠢᠩᠳᠠᠯᠠᠵᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ ᠪᠣᠯᠤᠨ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠡᠶᠡᠯᠡᠭᠦᠯᠦᠨ᠎ᠡ᠃ ᠣᠳᠣᠬᠠᠨ ᠳᠤ᠂ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ 《 5 100 % 》᠎ ᠶᠢ ᠪᠡᠶᠡᠯᠡᠭᠦᠯᠬᠦ ᠶᠢ ᠪᠠᠲᠤᠯᠠᠵᠤ᠂ 《 5 100 % 》᠎ ᠶᠢᠨ ᠱᠠᠭᠠᠷᠳᠠᠯᠭ᠎ᠠ ᠳᠤ ᠬᠦᠷᠭᠡᠬᠦ ᠪᠠᠷ ᠴᠢᠷᠮᠠᠶᠢᠵᠤ᠂ ᠬᠤᠶᠠᠷ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠢᠨ᠎ᠡ ᠪᠠᠷ ᠲᠤᠰᠢᠶᠠᠯ ᠳᠤ ᠭᠠᠷᠤᠭᠰᠠᠨ 《 ᠬᠤᠶᠠᠷ ᠵᠥᠪᠯᠡᠯ 》᠎ ᠤᠨ ᠪᠠᠭ ᠤᠨ ᠪᠦᠷᠢᠯᠳᠦᠬᠦᠨ ᠵᠠᠯᠠᠭᠤ᠂ ᠴᠤᠭ ᠵᠢᠪᠬᠤᠭ᠎ᠠ ᠲᠠᠢ᠂ ᠰᠤᠷᠤᠯᠭ᠎ᠠ ᠶᠢᠨ ᠨᠠᠮᠲᠠᠷ ᠥᠨᠳᠥᠷ᠂ ᠮᠡᠳᠡᠯᠭᠡ ᠎ ᠶᠢᠨ ᠬᠡᠪᠴᠢᠶ᠎ᠡ ᠥᠷᠭᠡᠨ᠂ ᠣᠯᠠᠨ ᠲᠦᠮᠡᠨ ᠳᠤ ᠦᠶᠯᠡᠴᠢᠯᠡᠬᠦ ᠤᠬᠠᠮᠰᠠᠷ ᠴᠢᠩᠭ᠎ᠠ ᠪᠠᠶᠢᠨ᠎ᠠ᠃    《ᠬᠤᠭᠤᠴᠠᠭ᠎ᠠ ᠰᠣᠯᠢᠵᠤ ᠳᠠᠭᠤᠰᠤᠭᠰᠠᠨ ᠤ ᠳᠠᠷᠠᠭ᠎ᠠ᠂ ᠡᠯ᠎ᠡ ᠨᠡᠶᠢᠭᠡᠮ ᠲᠣᠭᠤᠷᠢᠭ ᠨᠢ ᠥᠪᠡᠷ ᠤᠨ ᠲᠣᠭᠲᠠᠭᠠᠭᠰᠠᠨ ᠲᠥᠰᠦᠯ ᠶᠣᠰᠣᠭᠠᠷ᠂ ᠲᠡᠷᠡ ᠳᠠᠷᠤᠶ ᠳᠤᠨᠢ ᠣᠯᠠᠨ ᠲᠦᠮᠡᠨ ᠤ ᠪᠠᠴᠢᠮᠳᠠᠵᠤ ᠪᠠᠶᠢᠭ᠎ᠠ᠂ ᠣᠯᠠᠨ ᠲᠦᠮᠡᠨ ᠤ ᠪᠤᠳᠤᠵᠤ ᠪᠠᠶᠢᠭ᠎ᠠ᠂ ᠨᠡᠶᠢᠭᠡᠮ ᠲᠣᠭᠤᠷᠢᠭ ᠨᠢᠭᠡᠪᠦᠷᠢ ᠨᠢ ᠲᠣᠰ ᠲᠣᠰ ᠰᠠᠭᠤᠭᠠᠯᠢ ᠠᠷᠠᠳ ᠲᠤ ᠬᠠᠮᠤᠭ ᠎ ᠤᠨ ᠬᠦᠴᠢᠷᠲᠡᠶ ᠬᠠᠮᠤᠭ ᠤᠨ ᠪᠠᠴᠢᠮ ᠶᠠᠪᠤᠳᠠᠯ ᠶᠢ ᠬᠢᠵᠦ ᠥᠭᠬᠦ ᠬᠡᠷᠡᠭᠲᠡᠶ᠃ ᠣᠲᠣ ᠪᠣᠯᠲᠠᠯ᠎ᠠ᠂ ᠡᠯ᠎ᠡ ᠨᠡᠶᠢᠭᠡᠮ ᠲᠣᠭᠤᠷᠢᠭ ᠤᠨ〈 ᠲᠤᠰᠢᠶᠠᠯ ᠳᠤ ᠭᠠᠷᠬᠤ ᠶᠠᠪᠤᠳᠠᠯ 〉 ᠨᠢᠭᠡᠨᠲᠡ ᠪᠦᠬᠦᠨ ᠢᠶᠠᠷ ᠢᠶᠠᠨ ᠳᠠᠭᠤᠰᠤᠭᠰᠠᠨ ᠪᠠᠶᠢᠨ᠎ᠠ᠃ ᠵᠠᠩ ᠰᠢᠶᠣᠤ ᠫᠧᠩ ᠬᠡᠯᠡᠬᠦ ᠳᠡᠭᠡᠨ᠂《 ᠲᠠᠷᠠᠭᠠᠴᠢ ᠶᠢᠨ ᠠᠯᠬᠤᠮ ᠳᠤ᠂ ᠪᠢᠳᠡ ᠨᠡᠶᠢᠭᠡᠮ ᠲᠣᠭᠤᠷᠢᠭ ᠨᠢᠭᠡᠪᠦᠷᠢ ᠳᠤ ᠨᠢᠭᠡᠨ ᠰᠢᠨ᠎ᠡ ᠶᠢ ᠡᠭᠦᠳᠬᠦ ᠲᠥᠰᠦᠯ ᠲᠣᠭᠲᠠᠭᠠᠵᠤ᠂ ᠨᠡᠶᠢᠭᠡᠮ ᠲᠣᠭᠤᠷᠢᠭ ᠨᠢᠭᠡᠪᠦᠷᠢ ᠥᠪᠡᠷ ᠤᠨ ᠬᠠᠷᠢᠶ᠎ᠠ ᠣᠷᠣᠨ ᠎ ᠤ ᠪᠠᠨ ᠰᠠᠭᠤᠭᠠᠯᠢ ᠠᠷᠠᠳ ᠤᠨ ᠣᠨᠴᠠᠯᠢᠭ ᠶᠣᠰᠣᠭᠠᠷ ᠨᠢᠭᠡᠨ ᠭᠢᠯᠠᠰ ᠴᠡᠭ ᠪᠠᠶᠢᠭᠤᠯᠬᠤ ᠠᠵᠢᠯ ᠬᠢᠵᠦ᠂ ᠳᠡᠭᠡᠷ᠎ᠡ ᠬᠠᠭᠠᠰ ᠵᠢᠯ ᠳᠤ ᠪᠡᠶᠡᠯᠡᠭᠦᠯᠬᠦ ᠪᠠᠷ ᠴᠢᠷᠮᠠᠶᠢᠨ᠎ᠠ 》 ᠭᠡᠵᠡᠶ᠃ 》
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号