ᠬᠠᠶᠢᠷᠤᠪ ᠤᠨ ᠲᠣᠬᠤᠢ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠬᠤᠶᠠᠳᠤᠭᠠᠷ ᠤᠳᠠᠭᠠᠨ ᠤ ᠣᠨᠣᠯ ᠤᠨ ᠭᠤᠤᠯ ᠳᠤᠭᠤᠢᠯᠠᠩ ᠤᠨ ᠰᠤᠷᠤᠯᠴᠠᠯᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2021/2/24
     ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠱᠠᠭᠠᠷᠳᠠᠯᠭ᠎ᠠ ᠶᠣᠰᠣᠭᠠᠷ᠂ ᠳᠤᠮᠳᠠᠳᠤ ᠎ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠪᠠᠲᠤ ᠴᠣᠭᠴᠠᠯᠠᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠎ ᠤᠨ ᠲᠣᠪᠴᠢᠶ᠎ᠠ 2021 ᠣᠨ ᠤ 2 ᠰᠠᠷ᠎ᠠ ᠶᠢᠨ 22᠎ ᠤᠨ ᠡᠳᠦᠷ ᠬᠤᠶᠠᠳᠤᠭᠠᠷ ᠤᠳᠠᠭ᠎ᠠ ᠶᠢᠨ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠬᠢᠵᠦ᠂ ᠬᠤᠷᠠᠯ ᠢ ᠲᠣᠪᠴᠢᠶᠠᠨ ᠤ ᠪᠠᠶᠢᠭᠤᠯᠭ᠎ᠠ ᠶᠢᠨ ᠨᠠᠮ ᠤᠨ ᠡᠭᠦᠷ ᠤᠨ ᠱᠦᠵᠢ ᠴᠧᠨ ᠰᠢᠨ ᠡᠷᠬᠢᠯᠡᠵᠥ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠵᠢᠴᠢ ᠪᠠᠶᠢᠭᠤᠯᠭ᠎ᠠ ᠶᠢᠨ ᠪᠦᠬᠦ ᠠᠵᠢᠯᠳᠠᠨ ᠰᠤᠷᠤᠯᠴᠠᠯᠭ᠎ᠠ ᠳᠤ ᠣᠷᠣᠯᠴᠠᠪᠠ᠃
     ᠬᠤᠷᠠᠯ ᠳᠡᠭᠡᠷ᠎ᠡ᠂ ᠳᠡᠳ᠋ ᠲᠣᠪᠴᠢᠶᠠᠨ ᠳᠠᠷᠤᠭ᠎ᠠ ᠴᠧᠨ ᠰᠢᠨ 《 ᠳᠤᠮᠳᠠᠳᠤ ᠶᠢᠨ ᠦᠨᠳᠦᠰᠦᠲᠡᠨ ᠤ ᠬᠠᠮᠲᠤ ᠎ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠤᠨ ᠲᠠᠶᠢᠯᠪᠤᠷᠢᠯᠠᠬᠤ ᠬᠥᠲᠥᠯᠪᠦᠷᠢ 》᠎ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ《 ᠶᠡᠷᠦᠩᠬᠡᠢ ᠱᠦᠵᠢ ᠰᠢ ᠶᠢᠨ ᠫᠢᠩ ᠤᠨ 2019 ᠣᠨ ᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶ᠎ᠠ 》᠂ 《 ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠎ ᠪᠠᠷ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠎ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠰᠠᠨᠠᠯ 》᠂《 ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠎ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ 》 ᠵᠢᠴᠢ ᠶᠡᠷᠦᠩᠬᠡᠢ ᠱᠦᠵᠢ ᠰᠢ ᠎ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠵᠣᠬᠢᠶᠠᠨ ᠪᠠᠶᠢᠭᠤᠯᠤᠨ ᠰᠤᠷᠤᠯᠴᠠᠪᠠ᠃
      ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠣᠳᠠᠲᠠᠢ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠬᠤ ᠬᠡᠷᠡᠭᠲᠡᠢ ᠭᠡᠵᠤ ᠵᠢᠭᠠᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号