ᠦᠬᠠᠶ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠬᠠᠶᠢᠷᠤᠪ ᠤᠨ ᠲᠣᠬᠤᠶ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠨᠠᠮ ᠤᠨ ᠡᠭᠦᠷ《 ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ᠂  ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ》ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/2/24
     2 ᠰᠠᠷ᠎ᠠ ᠶᠢᠨ 24᠎ ᠤ ᠡᠳᠦᠷ᠂ ᠦᠬᠠᠶ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠬᠠᠶᠢᠷᠤᠪ ᠤᠨ ᠲᠣᠬᠤᠶ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠨᠠᠮ ᠤᠨ ᠡᠭᠦᠷ 《 ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠎ ᠪᠠᠷ ᠲᠡᠷᠭᠡᠯᠰᠢᠭᠦᠯᠬᠦ 》 ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠲᠦᠷᠦᠭᠦᠦ ᠳᠥᠷᠪᠡᠨ ᠵᠦᠶᠯ ᠤᠨ ᠲᠣᠭᠲᠠᠭᠠᠯ ᠤᠨ ᠲᠠᠰ ᠳᠠᠷᠠᠭᠠᠯᠠᠯ ᠢ ᠪᠡᠶᠡᠯᠡᠭᠦᠯᠦᠭᠰᠡᠨ ᠤ ᠳᠠᠷᠠᠭ᠎ᠠ᠂ 《 ᠲᠥᠷᠥ ᠶᠢᠨ ᠪᠣᠳᠣᠯᠭ᠎ᠠ ᠣᠨᠣᠯ ᠎ ᠤᠨ ᠰᠤᠷᠤᠯᠴᠠᠯᠭ᠎ᠠ 》᠎ ᠶᠢᠨ ᠭᠤᠭᠴᠤᠭ᠎ᠠ ᠳᠤ ᠨᠠᠮ ᠤᠨ ᠦᠨᠳᠦᠰᠦᠲᠡᠨ ᠤ ᠣᠨᠣᠯ᠂ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠤᠬᠠᠭᠤᠯᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ 》᠎ ᠢ ᠬᠢᠨᠠᠮᠠᠭᠠᠶ ᠰᠤᠷᠤᠯᠴᠠᠭᠤᠯᠤᠨ᠎ᠠ᠃ ᠡᠭᠦᠨ ᠤ ᠬᠠᠮᠲᠤ ᠨᠠᠮ ᠤᠨ ᠭᠡᠰᠢᠭᠦᠳ ᠎ ᠢ ᠵᠣᠬᠢᠶᠠᠨ ᠪᠠᠶᠢᠭᠤᠯᠵᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ ᠤᠨ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠤ ᠪᠥᠬᠦ ᠬᠤᠲᠠ ᠎ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ 2 ᠰᠠᠷ᠎ᠠ ᠶᠢᠨ 19᠎ ᠤ ᠡᠳᠦᠷ ᠪᠠᠶᠢᠴᠠᠭᠠᠨ ᠰᠤᠳᠤᠯᠤᠯᠲᠠ ᠬᠢᠬᠦ ᠳᠡᠭᠡᠨ ᠳᠤᠷᠠᠳᠤᠭᠰᠠᠨ ᠪᠣᠳᠠᠲᠠᠶ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠤᠷᠤᠯᠴᠠᠭᠤᠯᠵᠤ᠂ ᠣᠷᠴᠢᠨ ᠠᠬᠤᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠲᠠᠢ ᠤᠶᠠᠯᠳᠤᠭᠤᠯᠤᠨ᠂ ᠡᠯ᠎ᠡ ᠱᠠᠲᠤᠨ ᠤ ᠨᠠᠮ ᠤᠨ ᠬᠤᠷᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠲᠤᠬᠠᠶ ᠪᠣᠳᠠᠲᠠᠶ ᠱᠠᠭᠠᠷᠳᠠᠯᠭ᠎ᠠ ᠶᠢ ᠣᠶᠢᠯᠠᠭᠠᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠰᠠᠶᠢᠲᠤᠷ ᠵᠠᠮᠨᠠᠬᠤ ᠳᠤ ᠪᠠᠲᠤ ᠪᠠᠬᠢ ᠦᠵᠡᠯ ᠰᠠᠨᠠᠭᠠᠨ ᠎ ᠤ ᠰᠠᠭᠤᠷᠢ ᠶᠢ ᠲᠠᠯᠪᠢᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠎ ᠤᠨ ᠠᠮᠢ ᠠᠬᠤᠶ ᠣᠷᠴᠢᠨ ᠠᠬᠤᠶ ᠶᠢᠨ ᠠᠵᠢᠯ ᠢ ᠨᠠᠩ ᠰᠠᠶᠢᠲᠤᠷ ᠪᠡᠶᠡᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号