ᠨᠠᠷᠢᠯᠢᠭ ᠣᠨᠣᠪᠴᠢᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠶ᠎ᠠ——ᠬᠠᠶᠢᠷᠤᠪ ᠤᠨ ᠲᠤᠬᠤᠢ ᠲᠣᠭᠤᠷᠢᠭ ᠤᠨ 2021 ᠣᠨ ᠤ ᠠᠵᠤ ᠠᠬᠤᠢ ᠶᠢᠨ ᠠᠵᠢᠯ ᠤᠨ ᠲᠤᠬᠠᠢ ᠪᠠᠷᠠᠯᠠᠯ
ᠨᠡᠶᠢᠲᠡᠯᠡᠭᠰᠡᠨ ᠴᠠᠭ᠄
2021/2/26
     ᠡᠨᠡ ᠵᠢᠯ ᠪᠣᠯ《 ᠠᠷᠪᠠᠨ ᠳᠥᠷᠪᠡᠳᠦᠭᠡᠷ ᠲᠠᠪᠤᠨ ᠵᠢᠯ 》᠎ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠡᠬᠢᠯᠡᠯᠲᠡ ᠶᠢᠨ ᠵᠢᠯ ᠮᠥᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠨ ᠤ ᠵᠢᠯ ᠮᠥᠨ᠂ ᠮᠠᠨ ᠤ ᠨᠠᠮ ᠪᠠᠶᠢᠭᠤᠯᠤᠭᠳᠠᠭᠰᠠᠨ 100 ᠵᠢᠯ ᠎ ᠤᠨ ᠣᠶ ᠮᠥᠨ᠂ ᠪᠠᠰᠠ ᠴᠤ ᠬᠠᠶᠢᠷᠤᠪ ᠤᠨ ᠲᠣᠬᠤᠶ ᠲᠣᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠵᠠᠩᠭᠢᠯᠠᠭ᠎ᠠ ᠶᠢᠨ ᠨᠢᠭᠡ ᠵᠢᠯ ᠮᠥᠨ᠃ ᠬᠠᠶᠢᠷᠤᠪ ᠤᠨ ᠲᠤᠬᠤᠢ ᠲᠣᠭᠤᠷᠢᠭ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠᠷ ᠲᠤᠭᠤᠷᠢᠭ ᠪᠠᠨ ᠬᠦᠴᠦᠷᠬᠡᠭᠵᠢᠭᠦᠯᠬᠦ ᠶᠢᠨ ᠰᠠᠭᠤᠷᠢ᠂ ᠲᠤᠭᠤᠷᠢᠭ ᠪᠠᠨ ᠪᠠᠶᠢᠭᠤᠯᠬᠤ ᠶᠢᠨ ᠦᠨᠳᠦᠰᠦ ᠪᠣᠯᠭᠠᠬᠤ ᠶᠢ ᠪᠠᠷᠢᠮᠲᠠᠯᠠᠵᠤ᠂ ᠠᠵᠤ ᠠᠬᠤᠢ ᠶᠢᠨ ᠪᠦᠲᠦᠴᠡ ᠶᠢᠨ ᠲᠤᠬᠢᠷᠠᠭᠤᠯᠤᠯᠳᠠ᠂ ᠬᠥᠭᠵᠢᠯᠲᠡ ᠶᠢᠨ ᠬᠥᠳᠡᠯᠭᠡᠬᠦ ᠡᠨᠧᠷᠭᠢ ᠶᠢᠨ ᠰᠣᠯᠢᠭᠳᠠᠯ᠂ ᠶᠠᠰᠤ ᠴᠢᠨᠠᠷ ᠦᠷ᠎ᠡ ᠠᠰᠢᠭ ᠤᠨ ᠳᠡᠭᠡᠭᠰᠢᠯᠡᠯᠲᠡ ᠶᠢ ᠦᠷᠭᠦᠯᠵᠢᠯᠡᠨ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃       ᠠᠵᠤ ᠦᠶᠯᠡᠰ ᠤᠨ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠶ᠎ᠠ       ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠢ ᠲᠦᠷᠭᠡᠳᠬᠡᠬᠦ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠯᠠᠮᠵᠢᠯᠠᠯᠲᠤ ᠠᠵᠤ ᠦᠢᠯᠡᠰ ᠢ ᠦᠷᠭᠦᠯᠵᠢᠯᠡᠨ ᠲᠡᠰ ᠳᠡᠪᠰᠢᠭᠦᠯᠦᠨ ᠥᠭᠡᠷᠡᠴᠢᠯᠡᠵᠦ᠂ ᠭᠤᠣᠯᠳᠠᠯᠭ᠎ᠠ ᠲᠠᠢ ᠡᠨᠧᠷᠭᠢ ᠶᠢᠨ ᠬᠤᠷᠣᠭᠳᠠᠯ ᠶᠡᠬᠡᠲᠡᠢ ᠠᠵᠢᠯ ᠲᠦᠷᠦᠯ ᠤᠨ ᠰᠢᠨ᠎ᠡ ᠪᠠᠷ ᠨᠡᠮᠡᠭᠳᠡᠬᠦ ᠦᠢᠯᠡᠳᠪᠦᠷᠢᠯᠡᠯ ᠎ ᠤᠨ ᠴᠢᠳᠠᠪᠤᠷᠢ ᠶᠢ ᠴᠢᠩᠭ᠎ᠠ ᠡᠵᠡᠮᠳᠡᠵᠦ᠂ ᠬᠡᠰᠡᠭ ᠡᠨᠧᠷᠭᠢ ᠶᠢᠨ ᠬᠤᠷᠣᠭᠳᠠᠯ ᠶᠡᠬᠡᠲᠡᠢ ᠠᠵᠢᠯ ᠲᠦᠷᠦᠯ ᠤᠨ ᠬᠤᠴᠣᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠲᠦᠷᠭᠡᠨ ᠤᠬᠤᠷᠢᠭᠤᠯᠤᠨ᠎ᠠ᠃ ᠦᠢᠯᠡᠳᠪᠦᠷᠢᠯᠡᠬᠦ ᠴᠢᠳᠠᠪᠤᠷᠢ ᠎ ᠶᠢᠨ ᠭᠦᠢᠴᠡᠳᠬᠡᠯ ᠲᠤᠭ᠎ᠠ ᠶᠢ ᠡᠮᠬᠢᠯᠡᠨ ᠨᠡᠶᠢᠯᠡᠭᠦᠯᠬᠦ ᠪᠠ ᠴᠢᠷᠮᠠᠶᠢᠨ ᠣᠯᠵᠤ᠂ 《 ᠨᠡᠭᠦᠷᠡᠰᠦ ᠴᠠᠬᠢᠯᠭᠠᠨ ᠣᠨᠴᠠ ᠲᠥᠷᠥᠯ ᠤᠨ ᠲᠡᠮᠦᠷᠯᠢᠭ 》᠂《 ᠨᠡᠭᠦᠷᠡᠰᠦ ᠬᠡᠦᠷᠡᠰᠦᠨ ᠵᠤᠤᠬ᠎ᠠ ᠨᠡᠭᠦᠷᠡᠰᠦᠨ ᠬᠡᠢ ᠤᠰᠤᠲᠥ᠋ᠷᠥᠭᠴᠢ ᠲᠡᠮᠦᠷᠯᠢᠭ 》 ᠵᠡᠷᠭᠡ ᠣᠨᠴᠠᠯᠢᠭᠲᠤ ᠠᠵᠤ ᠦᠢᠯᠡᠰ ᠤᠨ ᠬᠡᠯᠬᠢᠶᠡᠰᠦ ᠶᠢ ᠤᠷᠲᠤᠳᠬᠠᠨ ᠪᠤᠵᠠᠭᠠᠶᠢᠷᠠᠭᠤᠯᠤᠨ᠎ᠠ᠃ᠵᠢᠶᠠᠨ ᠯᠦᠩ ᠪᠤᠭᠤᠲᠤ ᠶᠢᠨ ᠪᠣᠯᠣᠳ ᠲᠡᠮᠦᠷ ᠤᠨ ᠸᠠᠨ ᠲᠧᠩ᠂ ᠭᠤᠸᠠᠩ ᠨᠠ ᠨᠡᠭᠦᠷᠡᠰᠦ ᠬᠡᠦᠷᠰᠢᠭᠦᠯᠬᠦ ᠵᠡᠷᠭᠡ ᠠᠵᠤ ᠠᠬᠤᠶᠢᠯᠠᠯ ᠎ ᠳᠤ ᠲᠦᠰᠢᠭᠯᠡᠨ᠂ ᠪᠣᠯᠣᠳ ᠲᠡᠮᠦᠷ᠂ ᠬᠡᠦᠷᠰᠢᠭᠦᠯᠬᠦ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠨ᠎ᠠ᠃ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠠᠬᠢᠵᠢᠭᠦᠯᠦᠨ ᠳᠡᠭᠡᠭᠰᠢᠯᠡᠭᠦᠯᠵᠦ᠂  ᠪᠤᠤ ᠡᠦ ᠨᠡᠭᠦᠷᠡᠰᠦᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠳᠤ ᠲᠦᠰᠢᠭᠯᠡᠨ᠂ ᠬᠡᠦᠷᠰᠢᠮᠡᠯ ᠬᠡᠦᠷᠰᠦ ᠶᠢᠨ ᠪᠢᠯᠢᠭ ᠲᠤᠶᠢᠯ ᠤᠨ ᠮᠠᠲ᠋ᠧᠷᠢᠶᠠᠯ᠂ ᠯᠢᠲ᠋ᠢ ᠳ᠋ᠢᠶᠠᠨ ᡂᠢ ᠶᠢᠨ ᠪᠢᠯᠢᠭ ᠲᠤᠶᠢᠯ ᠤᠨ ᠮᠠᠲ᠋ᠧᠷᠢᠶᠠᠯ᠂ 3 C ᠳ᠋ᠢᠶᠠᠨ ᡂᠢ᠂ ᠡᠨᠧᠷᠭᠢ ᠬᠠᠳᠠᠭᠠᠯᠠᠬᠤ ᠳ᠋ᠢᠶᠠᠨ ᡂᠢ ᠵᠡᠷᠭᠡ ᠠᠵᠤ ᠦᠢᠯᠡᠰ ᠲᠡᠶᠢᠰᠢ ᠤᠷᠲᠤᠳᠬᠠᠬᠤ ᠶᠢ ᠠᠬᠢᠭᠤᠯᠤᠨ᠎ᠠ᠃ ᠪᠡᠭᠡᠵᠢᠩ ᠤᠨ ᠶᠦᠨ ᠲᠦᠩ ᠰᠢᠨ᠎ᠡ ᠮᠠᠲ᠋ᠧᠷᠢᠶᠠᠯ ᠤᠨ ᠠᠵᠤ ᠦᠶᠯᠡᠰ ᠤᠨ ᠬᠦᠷᠢᠶᠡᠯᠡᠩ ᠳᠤ ᠲᠦᠰᠢᠭᠯᠡᠨ 《 ᠨᠡᠭᠦᠷᠡᠰᠦ ᠴᠠᠬᠢᠯᠭᠠᠨ ᠴᠠᠬᠢᠭᠤᠷ ᠮᠠᠲ᠋ᠧᠷᠢᠶᠠᠯ ᠨᠡᠷᠡᠨ ᠡᠨᠧᠷᠭᠢ ᠶᠢᠨ ᠳ᠋ᠢᠶᠠᠨ ᡂᠢ ᠶᠢᠨ ᠲᠣᠨᠣᠭᠯᠠᠯ ᠵᠡᠷᠭᠡ ᠬᠡᠷᠡᠯ ᠴᠡᠨᠡᠭ ᠤᠨ ᠰᠢᠨ᠎ᠡ ᠮᠠᠲ᠋ᠧᠷᠢᠶᠠᠯ 》᠎ ᠤᠨ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠨ᠎ᠠ᠃5 G ᠪᠣᠯᠤᠨ IPV 6 ᠵᠡᠷᠭᠡ ᠰᠦᠯᠵᠢᠶᠡᠨ ᠤ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠲᠦᠷᠭᠡᠳᠬᠡᠨ ᠪᠡᠶᠡᠯᠡᠭᠦᠯᠵᠦ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠠᠵᠤ ᠦᠶᠯᠡᠰ ᠤᠨ ᠬᠦᠷᠢᠶᠡᠨ ᠳᠤ ᠶᠡᠷᠦᠩᠬᠡᠶᠢᠯᠡᠨ ᠬᠡᠷᠡᠭᠯᠡᠬᠦ ᠶᠢ ᠪᠥᠬᠦ ᠬᠦᠴᠦᠨ ᠢᠶᠠᠷ ᠎ ᠢᠶᠠᠨ ᠠᠬᠢᠭᠤᠯᠵᠤ᠂ ᠠᠵᠤ ᠦᠶᠯᠡᠰ ᠤᠨ ᠠᠦ᠋ᠲ᠋ᠣᠴᠢᠯᠠᠬᠤ᠂ ᠤᠶᠤᠨᠴᠢᠯᠠᠬᠤ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠣᠭᠠᠴᠢᠯᠠᠭᠰᠠᠨ ᠠᠵᠤ ᠠᠬᠤᠶ ᠪᠣᠯᠤᠨ ᠠᠵᠤ ᠦᠶᠯᠡᠰ ᠤᠨ ᠠᠵᠤ ᠠᠬᠤᠶ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃      ᠬᠠᠶᠢᠷᠤᠪ ᠤᠨ ᠲᠤᠬᠤᠢ ᠲᠣᠭᠤᠷᠢᠭ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠲᠡᠶᠢᠰᠢ ᠬᠤᠪᠢᠷᠠᠬᠤ ᠎ ᠶᠢ ᠲᠠᠰᠤᠷᠠᠯᠳᠡ ᠦᠭᠡᠢ ᠠᠬᠢᠭᠤᠯᠵᠤ᠂ ᠪᠦᠬᠦ ᠬᠤᠳᠠ ᠵᠢᠴᠢ ᠡᠷᠬᠢᠨ ᠲᠣᠭᠤᠷᠢᠨ ᠤ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠮᠡᠳᠡᠭᠡ ᠵᠠᠩᠭᠢᠵᠢᠯᠲᠠ ᠶᠢᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠨᠢᠭᠡᠳᠦᠭᠡᠷ ᠪᠠᠷᠠᠭᠠᠨ ᠤ ᠭᠦᠢᠯᠭᠡᠭᠡᠨ ᠤ ᠤᠶᠤᠨᠲᠤ ᠵᠠᠰᠠᠮᠠᠯ ᠵᠠᠮ ᠤᠨ ᠭᠠᠷᠠᠮ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠡᠷᠬᠢᠨ ᠲᠣᠭᠤᠷᠢᠨ ᠤ ᠪᠠᠷᠠᠭᠠᠨ ᠤ ᠭᠦᠢᠯᠭᠡᠭᠡᠨ ᠤ ᠲᠤᠬᠠᠶᠢᠯᠠᠭᠰᠠᠨ ᠠᠵᠢᠯ ᠤᠨ ᠲᠥᠪᠯᠡᠷᠡᠯ ᠢ ᠲᠠᠲᠠᠬᠤ ᠪᠣᠯᠤᠨ᠎ᠠ᠃ ᠠᠮᠢᠳᠤᠷᠠᠯ ᠤᠨ ᠴᠢᠨᠠᠷᠲᠠᠶ ᠦᠶᠯᠡᠴᠢᠯᠡᠭᠡᠨ ᠤ ᠦᠶᠯᠡᠰ ᠤᠨ ᠲᠠᠰ ᠳᠡᠪᠰᠢᠬᠦ ᠶᠢ ᠠᠬᠢᠭᠤᠯᠵᠤ᠂ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠠ ᠬᠦᠰᠡᠯ ᠡᠷᠡᠮᠡᠯᠵᠡᠯ ᠭᠡᠬᠦ ᠬᠤᠶᠠᠷ ᠵᠠᠩᠭᠢᠯᠠᠭ᠎ᠠ ᠶᠢ ᠴᠢᠩᠭ᠎ᠠ ᠠᠳᠬᠤᠵᠤ᠂ ᠲᠦᠷᠦᠭᠦᠦ ᠳᠡᠯᠭᠡᠭᠦᠷ ᠤᠨ ᠠᠵᠤ ᠠᠬᠤᠶ᠂ ᠰᠥᠨᠢ ᠶᠢᠨ ᠠᠵᠤ ᠠᠬᠤᠶ᠂ ᠰᠦᠯᠵᠢᠶᠡᠨ ᠴᠤᠤᠲᠠᠨ ᠤ ᠠᠵᠤ ᠠᠬᠤᠶ ᠶᠢ ᠪᠣᠶᠢᠵᠢᠭᠤᠯᠤᠨ ᠬᠥᠭᠵᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷᠡᠭᠯᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠪᠥᠬᠦ ᠣᠷᠣᠨ ᠪᠦᠰᠡ ᠶᠢᠨ ᠵᠢᠭᠤᠯᠴᠢᠯᠠᠯ ᠢ ᠲᠦᠷᠭᠡᠳᠬᠡᠨ ᠬᠥᠭᠵᠢᠭᠦᠯᠵᠦ᠂ ᠵᠢᠭᠤᠯᠴᠢᠯᠠᠯ ᠤᠨ ᠬᠤᠳᠠᠯᠳᠤᠭᠠᠴᠢᠨ ᠰᠣᠶᠣᠯ ᠪᠡᠶ᠎ᠡ ᠶᠢᠨ ᠲᠠᠮᠢᠷ ᠡᠷᠡᠭᠦᠯ ᠮᠡᠨᠳᠦ ᠰᠤᠪᠢᠯᠠᠯᠲᠠ ᠶᠢᠨ ᠠᠵᠢᠯ ᠲᠥᠷᠥᠯ ᠠᠯᠤᠰᠯᠠᠨ ᠠᠭᠤᠰᠤᠯᠴᠠᠬᠤ ᠶᠢ ᠠᠬᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠨᠠᠩ ᠰᠠᠶᠢᠲᠤᠷ ᠬᠠᠩᠭᠠᠨ᠎ᠠ᠃      ᠬᠠᠶᠢᠷᠤᠪ ᠤᠨ ᠲᠤᠬᠤᠢ ᠲᠣᠭᠤᠷᠢᠭ ᠪᠠᠰᠠ ᠤᠨᠴᠠᠯᠢᠬᠳᠤ ᠬᠥᠳᠡᠭᠡ ᠠᠵᠤ ᠠᠬᠤᠢ ᠶᠢ ᠦᠷᠭᠦᠯᠵᠢᠯᠡᠨ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠦᠷᠭᠦᠯᠵᠢᠯᠡᠨ ᠰᠠᠶᠢᠲᠤᠷ ᠬᠢᠵᠦ᠂ ᠬᠥᠳᠡᠭᠡ ᠠᠵᠤ ᠠᠬᠤᠢ ᠶᠢᠨ ᠲᠡᠰ ᠳᠡᠪᠰᠢᠬᠦ ᠶᠢ ᠠᠬᠢᠭᠤᠯᠤᠨ᠎ᠠ᠃《ᠨᠢᠭᠡ ᠲᠣᠰᠬᠤᠨ ᠨᠢᠭᠡ ᠦᠶᠯᠡᠳᠬᠦᠨ ᠨᠢᠭᠡ ᠣᠨᠴᠠᠯᠢᠭ 》᠎ ᠤᠨ ᠬᠥᠭᠵᠢᠯᠲᠡ ᠎ ᠶᠢᠨ ᠰᠡᠳᠬᠢᠴᠡ ᠶᠢ ᠪᠠᠷᠢᠮᠲᠠᠯᠠᠵᠤ᠂ ᠸᠠᠩ ᠶᠤᠸᠠᠨ ᠭᠠᠵᠠᠷ ᠳᠡᠭᠡᠷᠡᠬᠢ ᠨᠤᠨᠲᠠᠭ᠂ ᠲᠢᠶᠠᠨ ᠾᠧ ᠬᠥ᠋ ᠠᠮᠤ ᠲᠣᠰᠣ᠂  ᠲᠤᠸᠠᠨ ᠵᠢᠶᠧ ᠰᠢᠨ᠎ᠡ ᠲᠣᠰᠬᠤᠨ ᠤ ᠪᠣᠬᠢᠷᠲᠤᠯ ᠥᠬᠡᠶ ᠲᠡᠭᠦᠵᠦ ᠲᠡᠭᠦᠬᠦ ᠵᠡᠷᠭᠡ ᠲᠥᠷᠥᠯ ᠵᠦᠶᠯ ᠤᠨ ᠬᠥᠭᠵᠢᠨ ᠪᠤᠵᠠᠭᠠᠶᠢᠷᠬᠠᠤ ᠶᠢ ᠦᠷᠭᠦᠯᠵᠢᠯᠡᠨ ᠲᠡᠳᠬᠦᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠲᠣᠭᠲᠠᠭᠤᠨ ᠢᠶᠠᠷ ᠨᠡᠮᠡᠭᠳᠡᠬᠦ ᠶᠢ ᠪᠡᠶᠡᠯᠡᠭᠦᠯᠦᠨ᠎ᠡ᠃ᠴᠢᠨᠠᠷ ᠰᠠᠶᠢᠲᠠᠶ ᠦᠵᠦᠮ ᠪᠠ ᠦᠵᠦᠮ ᠢ ᠭᠦᠨᠵᠡᠭᠡᠶ ᠡᠳ᠋ᠰᠢᠭᠦᠯᠬᠦ ᠦᠶᠯᠡᠳᠬᠦᠨ ᠢ ᠶᠡᠬᠡᠪᠡᠷ ᠬᠥᠭᠵᠢᠭᠦᠯᠵᠦ᠂ ᠣᠨᠴᠠᠯᠢᠭᠲᠤ ᠲᠠᠷᠢᠮᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠶᠠᠯᠠᠩ᠂ ᠲᠣᠭᠤᠷᠢᠨ ᠦᠵᠡᠬᠦ ᠲᠠᠷᠢᠶᠠᠯᠠᠩ ᠤᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠲᠠᠷᠢᠶᠠᠯᠠᠩ ᠤᠨ ᠡᠷᠴᠢᠮᠵᠢᠭᠰᠡᠨ᠂ ᠤᠶᠤᠨᠴᠢᠯᠠᠭᠰᠠᠨ᠂ ᠳᠡᠭᠡᠳᠦ ᠲᠡᠰᠵᠢᠭᠰᠡᠨ ᠬᠥᠭᠵᠢᠯᠲᠡ ᠲᠡᠰᠢ ᠲᠦᠯᠬᠢᠨ ᠠᠬᠢᠭᠤᠯᠤᠨ᠎ᠠ᠃ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠂ ᠲᠠᠷᠢᠶᠠᠯᠠᠬᠤ ᠣᠷᠣᠨ ᠤ ᠠᠶᠤᠯᠭᠦᠢ ᠤᠤᠭᠤᠬᠤ ᠤᠰᠤ ᠶᠢ ᠪᠠᠬᠢᠵᠢᠭᠦᠯᠦᠨ ᠳᠡᠭᠡᠭᠰᠢᠯᠡᠭᠦᠯᠬᠦ᠂ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠵᠠᠮ ᠤᠨ ᠳ᠋ᠧᠩ ᠢ ᠥᠭᠡᠷᠡᠴᠢᠯᠡᠬᠦ᠂ ᠨᠣᠭᠤᠭᠠᠷᠠᠭᠤᠯᠬᠤ ᠠᠷᠠᠴᠢᠯᠠᠨ ᠬᠠᠮᠠᠭᠠᠯᠠᠬᠤ ᠵᠡᠷᠭᠡ ᠢᠨᠵᠧᠨᠧᠷᠢᠩ ᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ ᠲᠠᠷᠢᠶᠠᠯᠠᠬᠤ ᠣᠷᠣᠨ ᠢ ᠴᠡᠪᠡᠷᠰᠢᠭᠦᠯᠬᠦ᠂ ᠭᠡᠷᠡᠯᠲᠦᠭᠦᠯᠬᠦ᠂ ᠭᠤᠶᠤᠵᠢᠭᠤᠯᠬᠤ ᠶᠢ ᠪᠡᠶᠡᠯᠡᠭᠦᠯᠦᠨ᠎ᠡ᠃      ᠡᠭᠦᠨ ᠠᠴᠠ ᠭᠠᠳᠠᠨ᠎ᠠ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠡᠭᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠳᠠᠶᠢᠰᠤᠩᠨᠠᠭᠴᠢ ᠬᠦᠴᠦᠨ ᠤ ᠨᠡᠪᠴᠢᠯᠲᠡ ᠬᠢᠬᠦ᠂ ᠡᠪᠳᠡᠯᠡᠭᠡ ᠬᠢᠬᠦ᠂ ᠨᠤᠷᠠᠭᠠᠬᠤ᠂ ᠬᠠᠭᠠᠴᠠᠭᠤᠯᠬᠤ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ᠃ᠬᠠᠤᠯᠢ ᠪᠤᠰᠤ ᠪᠠᠷ ᠪᠠᠯᠠ ᠴᠤᠭᠯᠠᠭᠤᠯᠬᠤ᠂ ᠮᠠᠭᠤ ᠰᠠᠨᠠᠭ᠎ᠠ ᠪᠠᠷ ᠴᠠᠯᠢᠩ ᠥᠷᠢᠲᠦᠬᠦ ᠵᠡᠷᠭᠡ ᠭᠤᠤᠯᠳᠠᠯᠭ᠎ᠠ ᠲᠠᠢ ᠬᠦᠷᠢᠶᠡᠨ ᠤ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠯᠠᠪᠳᠠᠭᠤᠨ ᠢᠶᠠᠷ ᠠᠷᠢᠯᠭᠠᠨ᠎ᠠ᠃ᠠᠶᠤᠯ ᠦᠭᠡᠶ ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠂ ᠠᠵᠤ ᠠᠬᠤᠶᠢᠯᠠᠯ ᠤᠨ ᠠᠶᠤᠯ ᠦᠭᠡᠶ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠴᠢᠩᠭᠠᠷᠠᠭᠤᠯᠵᠤ᠂ ᠠᠮᠤᠷ ᠲᠦᠪᠰᠢᠨ ᠪᠤᠰᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠰᠡᠷᠭᠡᠶᠢᠯᠡᠨ ᠡᠵᠡᠮᠳᠡᠬᠦ ᠶᠢ ᠯᠠᠪᠳᠠᠭᠤᠨ ᠪᠠᠲᠤᠲᠠᠶ ᠥᠷᠨᠢᠭᠦᠯᠦᠨ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ᠎ᠡ᠃ ᠢᠳᠡᠭᠡᠨ ᠤ ᠵᠦᠢᠯ ᠡᠮ ᠤᠨ ᠵᠦᠢᠯ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠰᠦᠯᠵᠢᠶᠡᠨ ᠤ ᠠᠮᠤᠷ ᠲᠦᠪᠰᠢᠨ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢ《 ᠪᠦᠬᠦᠨ ᠢ ᠬᠠᠮᠤᠷᠬᠤ 》᠂《 ᠪᠠᠯᠠᠢ ᠣᠷᠣᠨ ᠦᠭᠡᠢ 》 ᠪᠠᠶᠢᠬᠤ《 ᠶᠡᠭᠡ ᠠᠮᠤᠷ ᠲᠦᠪᠰᠢᠨ》᠎ ᠤ ᠪᠠᠶᠢᠷᠢᠰᠢᠯ ᠢ ᠪᠠᠶᠢᠭᠤᠯᠬᠤ ᠶᠢ ᠠᠬᠢᠭᠤᠯᠵᠤ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ᠃      ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠦᠨ ᠭᠠᠳᠠᠭᠠᠳᠤ ᠨᠡᠭᠡᠭᠡᠯᠲᠡ ᠎ ᠶᠢ ᠥᠷᠭᠡᠳᠬᠡᠶ᠎ᠡ     ᠬᠠᠶᠢᠷᠤᠪ ᠤᠨ ᠲᠤᠬᠤᠢ ᠲᠣᠭᠤᠷᠢᠭ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠰᠠᠭᠤᠷᠢ ᠪᠣᠯᠭᠠᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠪᠣᠯᠤᠨ ᠬᠥᠭᠵᠢᠯᠲᠡ ᠶᠢᠨ ᠪᠣᠭᠤᠮᠢ ᠬᠢᠵᠠᠭᠠᠷᠯᠠᠯ ᠢ ᠬᠦᠴᠦᠯᠡᠨ ᠠᠷᠢᠯᠭᠠᠵᠤ᠂ ᠴᠢᠨᠠᠷ ᠰᠠᠶᠢᠲᠠᠢ ᠥᠨᠳᠥᠷ ᠪᠦᠲᠦᠮᠵᠢᠲᠡᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠦᠬᠦ ᠬᠦᠴᠦ ᠪᠠᠷ ᠢᠶᠠᠨ ᠪᠠᠶᠢᠭᠤᠯᠤᠨ᠎ᠠ᠃     ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠬᠦ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》ᠠᠵᠢᠯᠯᠠᠭ᠎ᠠ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠵᠢᠯᠯᠠᠭ᠎ᠠ ᠳᠠᠬᠢ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠭᠤᠸᠠᠩ ᠨᠠ ᠪᠦᠯᠦᠭᠯᠡᠯ ᠯᠠᠨᠵᠧᠦ ᠶᠡᠭᠡ ᠰᠤᠷᠭᠠᠭᠤᠯᠢ᠂ ᠵᠢᠶᠠᠨ ᠯᠦᠩ ᠪᠦᠯᠦᠭᠯᠡᠯ ᠤᠨ ᠪᠡᠭᠡᠵᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠵᠡᠷᠭᠡ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠢᠳᠡᠪᠬᠢᠲᠡᠢ ᠠᠬᠢᠭᠤᠯᠵᠤ᠂ 《 ᠣᠨᠳᠣᠣ ᠭᠠᠵᠠᠷ ᠲᠤ ᠨᠡᠪᠴᠢᠭᠦᠯᠬᠦ᠂ ᠦᠬᠠᠢ ᠶᠢ ᠬᠤᠪᠢᠷᠠᠭᠤᠯᠬᠤ 》 ᠲᠥᠪ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠣᠨᠳᠣᠣᠰᠢᠭᠤᠯᠤᠨ ᠬᠡᠷᠡᠭᠯᠡᠬᠦ ᠶᠢ ᠲᠦᠷᠭᠡᠳᠬᠡᠨ᠎ᠡ᠃ ᠡᠭᠦᠨ ᠤ ᠬᠠᠮᠲᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠳᠠᠬᠢᠨ ᠎ ᠢᠶᠠᠷ ᠨᠡᠮᠡᠭᠳᠡᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠢ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠎ ᠤ ᠬᠥᠮᠥᠷᠭᠡ ᠳᠤ ᠰᠣᠩᠭᠤᠨ ᠲᠠᠨᠢᠯᠴᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠴᠢᠳᠠᠪᠤᠷᠢᠲᠠᠨ ᠢ《 ᠲᠠᠲᠠᠬᠤ᠂ ᠬᠥᠮᠦᠵᠢᠭᠦᠯᠬᠦ᠂ ᠬᠡᠷᠡᠭᠯᠡᠬᠦ᠂ ᠬᠠᠮᠢᠶᠠᠷᠬᠤ᠂ ᠦᠯᠡᠳᠡᠭᠡᠬᠦ 》ᠠᠵᠢᠯ ᠤᠨ ᠲᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠷᠠᠭᠳᠠᠰᠢ ᠥᠬᠡᠶ ᠬᠥᠳᠡᠯᠭᠡᠬᠦ ᠬᠦᠴᠦᠨ ᠨᠡᠮᠡᠷᠢᠯᠡᠪᠡ᠃      ᠡᠨᠡ ᠵᠢᠯ᠂ ᠬᠠᠶᠢᠷᠤᠪ ᠤᠨ ᠲᠤᠬᠤᠢ ᠲᠣᠭᠤᠷᠢᠭ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠲᠥᠰᠦᠯ ᠢ ᠨᠡᠶᠢᠲᠡᠯᠡᠬᠦ᠂ ᠲᠣᠭᠲᠠᠴᠠ ᠶᠢ ᠪᠦᠷᠢᠨᠰᠢᠬᠦᠯᠬᠦ ᠪᠠ ᠠᠬᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠵᠤ᠂ ᠠᠵᠤ ᠠᠬᠤᠢ ᠶᠢᠨ ᠪᠠᠶᠢᠭᠤᠯᠤᠮᠵᠢ ᠶᠢᠨ ᠬᠦᠷᠢᠶᠡᠨ ᠤ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠴᠢᠬᠤᠯᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠲᠦᠷᠢᠮ᠂ ᠲᠥᠰᠦᠪ ᠤᠨ ᠬᠠᠮᠢᠶᠠᠷᠤᠯᠲᠠ ᠶᠢᠨ ᠲᠦᠷᠢᠮ᠂ ᠬᠥᠳᠡᠭᠡ ᠠᠵᠤ ᠠᠬᠤᠢ ᠬᠥᠳᠡᠭᠡ ᠲᠣᠰᠬᠤᠨ ᠵᠡᠷᠭᠡ ᠭᠤᠣᠯᠳᠠᠯᠭ᠎ᠠ ᠎ ᠲᠠᠢ ᠲᠠᠯ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠲᠦᠷᠢᠮ ᠢ ᠬᠡᠷᠡᠭᠵᠢᠭᠦᠯᠵᠦ᠂ ᠪᠦᠲᠦᠮᠵᠢᠲᠡᠢ ᠵᠠᠬ᠎ᠠ ᠳᠡᠯᠭᠡᠭᠦᠷ ᠪᠣᠯᠤᠨ ᠪᠦᠲᠦᠮᠵᠢᠲᠡᠢ ᠵᠠᠰᠠᠭ ᠤᠨ ᠣᠷᠳᠣᠨ ᠤ ᠨᠡᠩ ᠰᠠᠶᠢᠨ ᠤᠶᠢᠯᠡᠳᠤᠯ ᠢ ᠠᠬᠢᠭᠤᠯᠤᠨ᠎ᠠ᠃ ᠬᠥᠭᠵᠢᠯᠲᠡ ᠶᠢᠨ ᠬᠡᠷᠡᠭᠴᠡᠭᠡ᠂ ᠦᠨᠳᠦᠰᠦᠨ ᠱᠠᠲᠤᠨ ᠤ ᠬᠦᠰᠡᠯ᠂ ᠠᠷᠠᠳ ᠤᠨ ᠰᠡᠳᠬᠢᠯ ᠤᠨ ᠬᠠᠨᠳᠤᠰᠢ ᠶᠢ ᠵᠣᠯᠭᠠᠭᠤᠯᠵᠤ᠂ ᠨᠡᠩ ᠤᠯᠠᠨ ᠵᠦᠷᠢᠶᠡᠴᠢᠯᠡᠭᠰᠡᠨ᠂ ᠤᠤᠭᠠᠯ ᠡᠭᠦᠳᠦᠯᠲᠡ ᠶᠢᠨ ᠴᠢᠨᠠᠷ ᠪᠠ ᠲᠦᠷᠭᠡᠨ ᠦᠷ᠎ᠡ ᠪᠦᠲᠦᠮᠵᠢ ᠤᠯᠬᠤ ᠥᠭᠡᠷᠡᠴᠢᠯᠡᠯᠲᠡ ᠎ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠥᠭᠡᠷᠡᠴᠢᠯᠡᠯᠲᠡ ᠪᠠ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠪᠡᠶᠡᠯᠡᠭᠦᠯᠦᠨ᠎ᠡ᠃      ᠬᠠᠶᠢᠷᠤᠪ ᠤᠨ ᠲᠣᠬᠤᠶ ᠲᠣᠭᠤᠷᠢᠭ ᠪᠠᠰᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂《 ᠲᠠᠯᠪᠢᠬᠤ ᠬᠠᠮᠢᠶᠠᠷᠬᠤ ᠦᠶᠯᠡᠴᠢᠯᠡᠬᠦ 》ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠮᠡᠳᠡᠭᠡ ᠵᠠᠩᠭᠢ ᠶᠢᠨ ᠪᠠᠬᠢᠯᠡᠯᠲᠡ ᠶᠢ ᠨᠡᠪᠲᠡᠷᠡᠭᠦᠯᠵᠦ᠂ ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠪᠠᠶᠢᠳᠠᠯ ᠳᠤ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠬᠦ᠂ ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ ᠵᠡᠷᠭᠡ ᠠᠷᠠᠳ ᠠᠴᠠ ᠡᠵᠡᠩᠨᠡᠭᠰᠡᠨ ᠠᠵᠤ ᠠᠬᠤᠶ ᠎ ᠶᠢᠨ ᠬᠥᠭᠵᠢᠯᠲᠡ ᠶᠢ ᠵᠣᠷᠢᠭᠵᠢᠭᠤᠯᠤᠨ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠎ ᠪᠠᠷ ᠨᠠᠶᠢᠳᠠᠪᠤᠷᠢᠵᠢᠭᠤᠯᠵᠤ᠂ ᠠᠷᠠᠳ ᠤᠨ ᠪᠠᠯᠠ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠭᠦᠶᠴᠡᠳ ᠬᠥᠭᠵᠢᠭᠡᠨ᠎ᠡ᠃ ᠬᠦᠷᠢᠶᠡᠯᠡᠩ ᠲᠣᠭᠤᠷᠢᠭ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ 2 ᠲᠦᠮᠡᠨ ᠲᠣᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠥᠭᠡᠷᠡᠴᠢᠯᠡᠯᠲᠡ᠂ ᠡᠩᠬᠡ 220 ᠺᠢᠯᠤᠸᠤᠯᠲ᠂ ᠠᠮᠢ ᠠᠬᠤᠶ ᠶᠢᠨ 110 ᠺᠢᠯᠤᠸᠤᠯᠲ ᠶᠢᠨ ᠴᠠᠬᠢᠯᠭᠠᠨ ᠬᠦᠷᠭᠡᠬᠦ ᠬᠤᠪᠢᠰᠬᠠᠬᠤ ᠢᠨᠵᠧᠨᠧᠷᠢᠩ ᠵᠡᠷᠭᠡ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠪᠠ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠎ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠴᠢᠨᠠᠷ ᠰᠠᠶᠢᠲᠠᠶ ᠬᠥᠭᠵᠢᠯᠲᠡ ᠳᠤ ᠠᠰᠢᠭᠲᠠᠶ ᠰᠠᠶᠢᠨ ᠰᠠᠶᠢᠬᠠᠨ ᠣᠷᠴᠢᠨ ᠨᠥᠬᠦᠴᠡᠯ ᠎ ᠢ ᠴᠢᠷᠮᠠᠶᠢᠨ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号