ᠬᠠᠶᠢᠪᠸᠢ ᠵᠡᠭᠡᠯᠢ ᠭᠤᠳᠤᠮᠵᠢ ᠶᠢᠨ ᠵᠢᠶᠠ ᠶᠤᠸᠠᠨ ᠨᠡᠶᠢᠭᠡᠮ ᠲᠣᠭᠤᠷᠢᠭ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠵᠢᠴᠢ ᠭᠠᠯ ᠤᠨᠲᠠᠷᠠᠭᠠᠬᠤ ᠰᠣᠷᠢᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/2/3
     2 ᠳ᠋ᠤᠭᠠᠷ ᠰᠠᠷ᠎ᠠ ᠶᠢᠨ 2᠎ ᠤᠨ ᠡᠳᠦᠷ᠂ ᠵᠢᠶᠠ ᠶᠤᠸᠠᠨ ᠨᠡᠶᠢᠭᠡᠮ ᠲᠣᠭᠤᠷᠢᠭ ᠪᠥᠬᠦ ᠠᠵᠢᠯᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠵᠢᠴᠢ ᠰᠣᠷᠢᠯᠲᠠ ᠶᠢᠨ ᠠᠵᠢᠯᠯᠠᠭ᠎ᠠ ᠥᠷᠨᠢᠭᠦᠯᠪᠡ᠃      ᠪᠣᠯᠪᠠᠰᠤᠷᠠᠭᠤᠯᠤᠯ ᠳᠤ ᠣᠶᠢᠷ᠎ᠠ ᠶᠢᠨ ᠵᠢᠯ ᠤᠨ ᠭᠠᠯ ᠤᠨ ᠠᠶᠤᠯ ᠤᠨ ᠠᠳᠡᠯ ᠤᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠠᠵᠢᠯᠲᠠᠨ ᠳᠤ ᠭᠠᠯ ᠤᠨ ᠠᠶᠤᠯ ᠤᠨ ᠬᠥᠨᠥᠭᠡᠯᠲᠦ ᠴᠢᠨᠠᠷ ᠢ ᠲᠣᠳᠣᠷᠬᠠᠶᠢᠯᠠᠭᠰᠠᠨ ᠤ ᠬᠠᠮᠲᠤ ᠭᠠᠯ ᠰᠡᠷᠭᠡᠶᠢᠯᠡᠬᠦ᠂ ᠭᠠᠯ ᠤᠨᠲᠠᠷᠠᠭᠠᠬᠤ᠂ ᠠᠮᠢ ᠵᠢᠭᠤᠲᠠᠬᠤ᠂ ᠥᠪᠡᠷ ᠢ ᠪᠠᠨ ᠠᠪᠤᠷᠠᠬᠤ ᠵᠡᠷᠭᠡ ᠲᠠᠯ᠎ᠠ ᠪᠠᠷ ᠠᠵᠢᠯᠲᠠᠨ ᠳᠤ ᠬᠠᠮᠢᠶ᠎ᠠ ᠪᠦᠬᠦᠢ ᠮᠡᠳᠡᠯᠭᠡ ᠶᠢᠨ ᠴᠢᠬᠤᠯᠠ ᠵᠦᠢᠯ ᠵᠢᠴᠢ ᠭᠠᠯ ᠤᠨᠲᠠᠷᠠᠭᠠᠬᠤ ᠡᠯ᠎ᠡ ᠲᠥᠷᠥᠯ ᠤᠨ ᠪᠡᠯᠡᠳᠬᠡᠮᠵᠢ ᠶᠢ ᠠᠵᠢᠯᠯᠠᠭᠤᠯᠤᠨ ᠬᠡᠷᠡᠭᠯᠡᠬᠦ ᠵᠡᠷᠭᠡ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠠᠯᠢ ᠣᠯᠠᠨ ᠶᠡᠷᠦ ᠎ ᠶᠢᠨ ᠮᠡᠳᠡᠯᠭᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠲᠠᠨᠢᠯᠴᠠᠭᠤᠯᠤᠭᠰᠠᠨ ᠪᠠᠶᠢᠨ᠎ᠠ᠃     ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠨ᠂ ᠠᠵᠢᠯᠲᠠᠨ ᠤ ᠭᠠᠯ ᠤᠨᠲᠠᠷᠠᠭᠠᠬᠤ ᠦᠵᠡᠯ ᠤᠬᠠᠮᠰᠠᠷ ᠢ ᠪᠦᠲᠦᠮᠵᠢᠲᠡᠶ ᠨᠡᠮᠡᠭᠳᠡᠭᠦᠯᠵᠦ᠂ ᠪᠦᠬᠦ ᠠᠵᠢᠯᠲᠠᠨ ᠤ ᠠᠮᠤᠷ ᠲᠦᠪᠰᠢᠨ ᠭᠠᠯ ᠰᠡᠷᠭᠡᠶᠢᠯᠡᠬᠦ ᠪᠣᠳᠠᠲᠠᠶ ᠬᠡᠷᠡᠭᠯᠡᠭᠡᠨ ᠤ ᠮᠡᠷᠭᠡᠵᠢᠯ ᠴᠢᠳᠠᠪᠤᠷᠢ ᠵᠢᠴᠢ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠶᠤᠬᠤ ᠰᠡᠳᠬᠢᠴᠡ ᠶᠢ ᠢᠯᠠᠨ ᠳᠠᠪᠠᠭᠰᠠᠨ ᠪᠥᠭᠡᠳ ᠡᠵᠡᠮᠰᠢᠭᠰᠡᠨ ᠭᠠᠯ ᠤᠨᠲᠠᠷᠠᠭᠠᠬᠤ ᠮᠡᠳᠡᠯᠭᠡ ᠪᠠᠨ ᠪᠠᠬᠢᠵᠢᠭᠦᠯᠦᠭᠰᠡᠨ ᠪᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号