ᠰᠢᠨ᠎ᠡ ᠴᠠᠭ ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠡᠷᠡᠰ ᠭᠤᠶᠢᠪᠢᠰᠢ ᠥᠬᠡᠶ ᠰᠠᠶᠢᠲᠤᠷ ᠬᠢᠵᠦ ᠬᠤᠸᠠᠩ ᠾᠧ ᠨᠡᠶᠢᠭᠡᠮ ᠲᠣᠭᠤᠷᠢᠭ ᠱᠦᠵᠢ ᠶᠢᠨ ᠨᠠᠮ ᠤᠨ ᠬᠢᠴᠢᠶᠡᠯ ᠣᠷᠣᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2021/2/3
     ᠨᠡᠶᠢᠭᠡᠮ ᠲᠣᠭᠤᠷᠢᠭ ᠤᠨ ᠦᠵᠡᠯ ᠤᠬᠠᠮᠰᠠᠷ ᠤᠨ ᠬᠡᠯᠪᠡᠷᠢ ᠶᠢᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠤ ᠰᠢᠨ᠎ᠡ ᠪᠠᠶᠢᠳᠠᠯ ᠳᠣᠤᠷᠠᠬᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠬᠦ ᠶᠢᠨ ᠲᠥᠯᠥᠭᠡ᠂ 2 ᠰᠠᠷ᠎ᠠ ᠶᠢᠨ 2  ᠎ ᠤᠨ ᠡᠳᠦᠷ᠂ ᠬᠠᠶᠢᠪᠸᠢ ᠵᠡᠭᠡᠯᠢ ᠭᠤᠳᠤᠮᠵᠢ ᠶᠢᠨ ᠬᠤᠸᠠᠩ ᠾᠧ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠯᠢᠦ ᠴᠦᠨ《 ᠰᠢᠨ᠎ᠡ ᠴᠠᠭ ᠦᠶ᠎ᠡ ᠶᠢᠨ ᠦᠵᠡᠯ ᠤᠬᠠᠮᠰᠠᠷ ᠎ ᠤᠨ ᠬᠡᠯᠪᠡᠷᠢ ᠶᠢᠨ ᠠᠵᠢᠯ ᠢ ᠡᠷᠡᠰ ᠭᠤᠶᠢᠪᠢᠰᠢ ᠥᠬᠡᠶ ᠰᠠᠶᠢᠲᠤᠷ ᠬᠢᠬᠦ 》᠎ ᠪᠠᠷ ᠭᠤᠤᠯ ᠰᠡᠳᠦᠪ ᠪᠣᠯᠭᠠᠵᠤ᠂ ᠨᠡᠶᠢᠭᠡᠮ ᠲᠣᠭᠤᠷᠢᠭ ᠤᠨ 30 ᠭᠠᠷᠤᠶ ᠨᠠᠮ ᠤᠨ ᠭᠡᠰᠢᠭᠦᠨ ᠳᠤ ᠠᠭᠤᠯᠭ᠎ᠠ ᠪᠠᠷ ᠪᠠᠶᠠᠯᠢᠭ᠂ ᠠᠴᠢ ᠬᠤᠯᠪᠣᠭᠳᠠᠯ ᠢᠶᠠᠷ ᠭᠦᠨᠵᠡᠭᠡᠶ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ᠃
    ᠬᠤᠷᠠᠯ ᠳᠡᠭᠡᠷ᠎ᠡ᠂ ᠳᠡᠳ᠋ ᠱᠦᠵᠢ ᠯᠢᠦ ᠴᠦᠨ ᠪᠣᠷᠣᠭᠵᠢᠭᠤᠨ ᠦᠭᠡ ᠬᠡᠯᠡ᠂ ᠨᠡᠶᠢᠲᠡᠯᠢᠭ ᠵᠥᠪ ᠪᠤᠷᠤᠭᠤ ᠲᠠᠯ᠎ᠠ ᠶᠢᠨ ᠪᠣᠳᠠᠲᠤ ᠵᠢᠱᠢᠶ᠎ᠡ᠂ ᠠᠮᠢᠳᠤᠯᠢᠭ ᠲᠠᠶᠢᠯᠪᠤᠷᠢᠯᠠᠯᠲᠠ ᠪᠠᠷ ᠬᠠᠮᠢᠶ᠎ᠠ ᠪᠥᠬᠦᠶ ᠬᠤᠷᠠᠯ ᠤᠨ ᠪᠢᠴᠢᠭ ᠮᠠᠲ᠋ᠧᠷᠢᠶᠠᠯ ᠎ ᠤᠨ ᠵᠣᠷᠢᠭ ᠰᠠᠨᠠᠭ᠎ᠠ ᠪᠠᠷ ᠣᠨᠣᠯ ᠤᠨ ᠲᠤᠯᠭᠠᠭᠤᠷᠢᠯᠠᠯ ᠪᠣᠯᠭᠠᠵᠤ᠂ ᠨᠡᠶᠢᠭᠡᠮ ᠲᠣᠭᠤᠷᠢᠭ ᠤᠨ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ᠂《 ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠶᠢᠯ ᠤᠨ ᠴᠢᠬᠤᠯᠠ ᠴᠢᠨᠠᠷ 》 ᠂ 《 ᠣᠳᠣᠬᠠᠨ ᠤ ᠦᠵᠡᠯ ᠤᠬᠠᠮᠰᠠᠷ ᠤᠨ ᠬᠡᠯᠪᠡᠷᠢ ᠶᠢᠨ ᠲᠤᠯᠭᠠᠷᠠᠵᠤ ᠪᠠᠶᠢᠭ᠎ᠠ ᠪᠠᠶᠢᠳᠠᠯ 》᠂《 ᠦᠨᠳᠦᠰᠦᠨ ᠱᠠᠲᠤᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠡᠷᠬᠢᠨ ᠰᠠᠶᠢᠲᠤᠷ ᠬᠢᠬᠦ 》 ᠭᠤᠷᠪᠠᠨ ᠲᠠᠯ᠎ᠠ ᠶᠢᠨ ᠲᠣᠭᠤᠷᠢᠨ ᠳᠤ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠳ ᠲᠤ ᠦᠵᠡᠯ ᠤᠬᠠᠮᠰᠠᠷ ᠤᠨ ᠬᠡᠯᠪᠡᠷᠢ ᠶᠢᠨ ᠭᠦᠨ ᠭᠦᠨᠵᠡᠭᠡᠶ ᠠᠭᠤᠯᠤᠭᠳᠠᠬᠤᠨ ᠪᠠ ᠴᠢᠬᠤᠯᠠ ᠠᠴᠢ ᠬᠤᠯᠪᠣᠭᠳᠠᠯ ᠢ ᠭᠦᠨᠵᠡᠭᠡᠶ ᠵᠠᠳᠠᠯᠤᠨ ᠥᠭᠴᠦ᠂ ᠬᠤᠶᠢᠰᠢᠳᠠ ᠶᠢᠨ ᠠᠵᠢᠯ ᠤᠨ ᠴᠢᠭᠯᠡᠯ ᠢ ᠲᠣᠳᠣᠷᠬᠠᠶ ᠵᠢᠭᠠᠨ ᠥᠭᠴᠦ᠂ ᠨᠡᠶᠢᠭᠡᠮ ᠲᠣᠭᠤᠷᠢᠭ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠵᠠᠩᠭᠢᠯᠠᠭ᠎ᠠ ᠶᠢᠨ ᠴᠡᠭ ᠢ ᠲᠣᠳᠣᠷᠬᠠᠶ ᠵᠢᠭᠠᠵᠤ ᠥᠭᠴᠡᠶ᠃
     ᠶᠡᠷᠦᠩᠬᠡᠶ ᠱᠦᠵᠢ ᠰᠢ ᠶᠢᠨ ᠫᠢᠩ ᠤᠨ ᠣᠯᠠᠨ ᠤᠳᠠᠭᠠᠨ ᠤ ᠴᠢᠬᠤᠯᠠ ᠶᠠᠷᠢᠶᠠᠨ ᠤ ᠥᠭᠦᠯᠡᠯᠲᠡ ᠶᠢ ᠳ᠋ᠦᠩᠨᠡᠬᠦ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠪᠣᠳᠠᠲᠤ ᠠᠵᠢᠯ ᠲᠠᠢ ᠤᠶᠠᠯᠳᠤᠭᠤᠯᠤᠨ᠎ᠠ᠂ ᠳᠡᠳ᠋ ᠱᠦᠵᠢ ᠯᠢᠦ ᠴᠦᠨ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠴᠠᠶ᠄ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠨᠠᠮ ᠎ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠬᠤ ᠬᠡᠷᠡᠭᠲᠡᠶ᠂ ᠦᠵᠡᠯ ᠰᠠᠨᠠᠭᠠᠨ ᠤ ᠲᠠᠯ᠎ᠠ ᠪᠠᠷ᠂ ᠲᠠᠨᠢᠯᠲᠠ ᠶᠢᠨ ᠲᠠᠯ᠎ᠠ ᠪᠠᠷ ᠪᠠ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠬᠤ ᠬᠡᠷᠡᠭᠲᠡᠶ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠴᠠᠭ ᠢᠮᠠᠭᠲᠠ ᠭᠦᠶᠴᠡᠳᠬᠡᠬᠦ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠶ᠂ ᠨᠠᠮ ᠤᠨ ᠪᠠᠶᠢᠭᠤᠯᠤᠯᠲᠠ ᠶᠢᠨ ᠰᠣᠶᠣᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠪᠣᠳᠠᠲᠠᠶ ᠠᠳᠬᠤᠬᠤ ᠬᠡᠷᠡᠭᠲᠡᠶ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ  ᠪᠠᠶᠢᠳᠠᠯ ᠳᠤ ᠬᠢᠨᠠᠯᠲᠠ ᠲᠠᠯᠪᠢᠬᠤ ᠶᠢ ᠰᠠᠶᠢᠲᠤᠷ ᠠᠳᠬᠤᠨ᠎ᠠ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠡᠷᠭᠡ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠪᠣᠭᠤᠮᠲᠠ ᠶᠢ ᠴᠢᠩᠭᠠᠳᠬᠠᠨ᠎ᠠ᠂ ᠠᠵᠢᠯ ᠤᠨ ᠬᠠᠷᠢᠭᠤᠴᠠᠯᠭ᠎ᠠ ᠪᠠᠨ ᠡᠷᠡᠰ ᠪᠠᠷᠢᠮᠲᠠᠯᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号