ᠬᠠᠶᠢᠷᠤᠪ ᠤᠨ ᠲᠤᠬᠤᠢ ᠲᠤᠭᠤᠷᠢᠭ ᠤᠨ ᠠᠵᠤ ᠦᠢᠯᠡᠳᠪᠦᠷᠢ ᠶᠢᠨ ᠬᠦᠷᠢᠶᠡᠯᠡᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/2/3
     1 ᠰᠠᠷ᠎ᠠ ᠶᠢᠨ 29  ᠎ ᠤ ᠦᠳᠡ ᠶᠢᠨ ᠡᠮᠦᠨ᠎ᠡ᠂ ᠬᠠᠶᠢᠷᠤᠪ ᠤᠨ ᠲᠤᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠬᠤᠷᠠᠯ ᠢ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠡᠷᠭᠢᠯᠡᠵᠦ᠂ ᠬᠠᠮᠢᠶᠠᠷᠤᠯᠲᠠ ᠶᠢᠨ ᠵᠥᠪᠯᠡᠯ ᠤᠨ ᠭᠤᠤᠯ ᠤᠳᠤᠷᠢᠳᠤᠯᠭ᠎ᠠ ᠵᠢᠴᠢ ᠡᠯ᠎ᠡ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠷᠠᠯ ᠠᠴᠠ ᠭᠤᠤᠯᠳᠠᠭᠤ ᠳᠡᠭᠡᠳᠦ ᠱᠠᠲᠤᠨ ᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠬᠦᠷᠢᠶᠡᠯᠡᠩ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠪᠠ᠃       ᠬᠤᠷᠠᠯ ᠳᠡᠭᠡᠷ᠎ᠡ᠂ ᠨᠠᠮ ᠤᠨ ᠠᠵᠢᠯᠯᠠᠬᠤ ᠬᠤᠷᠢᠶ᠎ᠠ ᠶᠢᠨ ᠵᠣᠬᠢᠶᠠᠨ ᠪᠠᠶᠢᠭᠤᠯᠬᠤ ᠤᠬᠠᠭᠤᠯᠬᠤ ᠭᠡᠰᠢᠭᠦᠨ᠂ ᠡᠯ᠎ᠡ ᠠᠵᠤ ᠠᠬᠤᠶᠢᠯᠠᠯ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠳᠠᠷᠤᠶᠢᠬᠠᠨ ᠲᠣᠭᠲᠠᠭᠠᠵᠤ᠂ ᠬᠠᠷᠢᠭᠤᠴᠠᠯᠭ᠎ᠠ ᠶᠢ ᠬᠥᠮᠦᠨ ᠎ ᠳᠤᠨᠢ ᠬᠦᠷᠲᠡᠯ᠎ᠡ ᠨᠠᠶᠢᠳᠠᠪᠤᠷᠢᠵᠢᠭᠤᠯᠵᠤ᠂ ᠭᠠᠳᠠᠨ᠎ᠠ ᠠᠴᠠ ᠢᠷᠡᠭᠰᠡᠨ ᠬᠥᠮᠦᠰ ᠪᠣᠯᠤᠨ ᠬᠥᠮᠦᠰ ᠤᠨ ᠶᠠᠪᠤᠵᠤ ᠰᠠᠭᠤᠵᠤ ᠪᠠᠶᠢᠭ᠎ᠠ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠶᠢᠨ ᠬᠠᠮᠲᠤ ᠳᠡᠩᠰᠡᠯᠡᠨ ᠲᠡᠮᠳᠡᠭᠯᠡᠬᠦ ᠠᠵᠢᠯ ᠢ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠵᠣᠬᠢᠰᠲᠠᠶ ᠨᠥᠭᠡᠴᠡᠯᠡᠬᠦ ᠶᠢᠨ ᠬᠠᠮᠲᠤ ᠬᠥᠮᠦᠰ ᠤᠨ ᠶᠠᠪᠤᠵᠤ ᠰᠠᠭᠤᠬᠤ ᠨᠢ ᠨᠡᠯᠢᠶᠡᠳ ᠶᠡᠭᠡ ᠲᠠᠯᠠᠪᠤᠷ ᠭᠠᠵᠠᠷ ᠲᠤ ᠰᠡᠷᠭᠡᠶᠢᠯᠡᠨ ᠬᠠᠮᠠᠭᠠᠯᠠᠬᠤ ᠤᠬᠠᠭᠤᠯᠭ᠎ᠠ ᠶᠢ ᠰᠠᠶᠢᠲᠤᠷ ᠬᠢᠬᠦ ᠬᠡᠷᠡᠭᠲᠡᠶ᠃     ᠬᠤᠷᠠᠯ ᠳᠡᠭᠡᠷ᠎ᠡ᠂ ᠨᠠᠮ ᠤᠨ ᠠᠵᠢᠯᠯᠠᠬᠤ ᠬᠤᠷᠢᠶᠠᠨ ᠤ ᠱᠦᠵᠢ᠂ ᠣᠯᠠᠨ ᠢᠶᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂《 ᠭᠤᠷᠪᠠ ᠶᠢ ᠪᠣᠳᠠᠲᠠᠶᠢᠵᠢᠭᠤᠯᠬᠤ 》 ᠎ ᠶᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠄ ᠨᠢᠭᠡ ᠳᠤ᠂ ᠠᠵᠢᠯᠲᠠᠨ ᠢ ᠪᠣᠳᠠᠲᠠᠶᠢᠵᠢᠭᠤᠯᠬᠤ᠂ ᠶᠠᠮᠠᠷᠪᠠ ᠨᠢᠭᠡᠴᠢ ᠶᠢᠨ ᠬᠠᠷᠢᠭᠤᠴᠠᠯᠭᠠᠲᠠᠨ ᠭᠤᠷᠢᠳᠠᠬᠤ ᠪᠣᠳᠣᠯ ᠡᠪᠦᠷᠯᠡᠵᠦ ᠪᠣᠯᠬᠤ ᠥᠬᠡᠶ᠃ ᠬᠤᠶᠠᠷ ᠲᠤ᠂ ᠡᠳ᠋ ᠪᠣᠳᠠᠰ ᠤᠨ ᠨᠥᠭᠡᠴᠡᠯᠡᠯᠲᠡ ᠶᠢ ᠪᠣᠳᠠᠲᠠᠶᠢᠵᠢᠭᠤᠯᠵᠤ᠂ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠬᠠᠩᠭᠠᠯᠭ᠎ᠠ ᠶᠢ ᠦᠨᠡᠨ ᠬᠦ ᠪᠠᠲᠤᠯᠠᠨ᠎ᠠ᠃ ᠭᠤᠷᠪᠠ ᠳᠤ᠂ ᠰᠠᠶᠢᠲᠤᠷ ᠰᠢᠶᠳᠪᠦᠷᠢᠯᠡᠵᠦ᠂ ᠬᠢᠵᠢᠭᠲᠦ ᠣᠷᠣᠨ ᠠᠴᠠ ᠢᠷᠡᠭᠰᠡᠨ ᠭᠠᠳᠠᠨ᠎ᠠ ᠠᠴᠠ ᠢᠷᠡᠭᠰᠡᠨ ᠬᠥᠮᠦᠰ ᠢ ᠰᠠᠶᠢᠲᠤᠷ ᠬᠠᠮᠢᠶᠠᠷᠤᠨ ᠡᠵᠡᠮᠳᠡᠵᠦ᠂ ᠡᠪᠡᠳᠴᠢᠨ ᠤ ᠢᠯᠡᠷᠡᠯ ᠲᠠᠢ ᠬᠥᠮᠦᠰ ᠢ ᠡᠷᠬᠡᠪᠰᠢ ᠳᠠᠷᠤᠶ ᠲᠦᠷᠭᠡᠨ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠶᠢᠨ ᠬᠠᠮᠲᠤ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠠᠭ ᠢᠮᠠᠭᠲᠠ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠣᠨᠣᠪᠴᠢᠲᠠᠢ ᠴᠢᠩᠭ᠎ᠠ ᠠᠳᠬᠤᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ᠃      ᠡᠴᠦᠰ ᠲᠤ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ᠂ ᠬᠦᠷᠢᠶᠡᠯᠡᠩ ᠲᠣᠭᠤᠷᠢᠭ ᠲᠤ ᠳᠡᠭᠡᠳᠦ ᠱᠠᠲᠤᠨ ᠤ ᠡᠯ᠎ᠡ ᠵᠦᠢᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠴᠦᠬᠡᠨ ᠴᠦ ᠰᠤᠯᠠᠷᠠᠭᠤᠯᠤᠯ ᠦᠭᠡᠢ ᠪᠠᠷ ᠬᠠᠮᠢᠶᠠᠷᠤᠨ ᠡᠵᠡᠮᠳᠡᠬᠦ ᠶᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ ᠲᠣᠰ ᠤᠳᠠᠭ᠎ᠠ ᠶᠢᠨ ᠠᠵᠢᠯ ᠢ ᠠᠬᠢᠭᠤᠯᠬᠤ ᠬᠤᠷᠠᠯ ᠢᠶᠠᠷ ᠳᠡᠮᠵᠢᠨ᠂ ᠡᠯ᠎ᠡ ᠠᠵᠤ ᠠᠬᠤᠶᠢᠯᠠᠯ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠵᠦᠶᠯ ᠎ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠡᠨᠡ ᠤᠳᠠᠭ᠎ᠠ ᠶᠢᠨ ᠬᠢᠵᠢᠭ ᠎ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ ᠢᠯᠠᠯᠲᠠ ᠶᠢ ᠬᠠᠮᠲᠤ ᠪᠠᠷ ᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号