ᠠᠩᠬᠠᠳᠠᠭᠴᠢ《ᠡᠯᠧᠺᠲᠷᠣᠨ ᠭᠡᠷᠡᠴᠢ ᠦᠨᠡᠮᠯᠡᠯ》ᠵᠢᠩᠬᠢᠨᠢ ᠪᠠᠷ ᠨᠡᠶᠢᠲᠡᠯᠡᠭᠳᠡᠪᠡ ᠬᠠᠶᠢᠷᠤᠪ ᠤᠨ ᠲᠣᠬᠤᠶ ᠲᠣᠭᠤᠷᠢᠭ ᠤᠨ ᠲᠣᠭᠠᠴᠢᠯᠠᠭᠰᠠᠨ ᠡᠯᠧᠺᠲᠷᠣᠨ ᠭᠡᠷᠡᠴᠢ ᠦᠨᠡᠮᠯᠡᠯ ᠤᠨ ᠴᠠᠭ ᠦᠶ᠎ᠡ ᠶᠢ ᠨᠡᠭᠡᠭᠡᠪᠡ
ᠨᠡᠶᠢᠲᠡᠯᠡᠭᠰᠡᠨ ᠴᠠᠭ᠄
2021/2/3
      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ 《 ᠲᠠᠯᠪᠢᠬᠤ ᠬᠠᠮᠢᠶᠠᠷᠬᠤ ᠦᠶᠯᠡᠴᠢᠯᠡᠬᠦ 》 ᠥᠭᠡᠷᠡᠴᠢᠯᠡᠯᠲᠡ ᠶᠢ ᠭᠦᠨᠵᠡᠭᠡᠶ ᠠᠬᠢᠭᠤᠯᠬᠤ ᠶᠢ ᠳᠠᠭᠠᠯᠳᠤᠨ᠂ ᠬᠠᠶᠢᠷᠤᠪ ᠤᠨ ᠲᠣᠬᠤᠶ ᠲᠣᠭᠤᠷᠢᠭ ᠤᠨ ᠪᠠᠷᠢᠯᠭ᠎ᠠ ᠶᠢᠨ ᠦᠶᠯᠡᠰ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠦᠷ᠎ᠡ ᠪᠦᠲᠦᠮᠵᠢ ᠤᠯᠠᠮ ᠨᠢᠭᠡ ᠠᠯᠬᠤᠮ ᠳᠡᠭᠡᠭᠰᠢᠯᠡᠪᠡ᠂ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠵᠢᠯ ᠬᠢᠬᠦ ᠵᠥᠪᠰᠢᠶᠡᠷᠡᠯ ᠤᠨ ᠡᠯᠧᠺᠲᠷᠣᠨ ᠦᠨᠡᠮᠯᠡᠯ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠱᠠᠭᠠᠷᠳᠠᠯᠭ᠎ᠠ ᠶᠣᠰᠣᠭᠠᠷ᠂ ᠣᠶᠢᠷ᠎ᠠ ᠳᠤ᠂ ᠦᠬᠠᠶ ᠬᠤᠲᠠ ᠶᠢᠨ ᠨᠢᠭᠡᠳᠦᠯᠲᠡᠶ ᠲᠥᠯᠥᠪᠵᠢᠭᠦᠯᠦᠭᠰᠡᠨ ᠵᠢᠯᠣᠭᠤᠳᠣᠯᠭ᠎ᠠ ᠳᠣᠤᠷ᠎ᠠ᠂ ᠬᠠᠶᠢᠷᠤᠪ ᠤᠨ ᠲᠣᠬᠤᠶ ᠲᠣᠭᠤᠷᠢᠭ  ᠲᠤᠸᠠᠨ ᠵᠢᠶᠧ ᠪᠠᠭ᠎ᠠ ᠰᠤᠷᠭᠠᠭᠤᠯᠢ ᠶᠢᠨ ᠰᠢᠨ᠎ᠡ ᠪᠠᠷ ᠪᠠᠶᠢᠭᠤᠯᠤᠭᠰᠠᠨ ᠰᠠᠯᠬᠢ ᠪᠣᠷᠣᠭᠠᠨ ᠤ ᠲᠠᠮᠢᠷ ᠤᠨ ᠲᠠᠯᠠᠪᠠᠶ ᠳᠤ ᠪᠥᠬᠦ ᠬᠤᠲᠠ ᠶᠢᠨ ᠠᠩᠬᠠᠳᠠᠭᠴᠢ ᠪᠠᠷᠢᠯᠭ᠎ᠠ ᠬᠢᠬᠦ ᠵᠥᠪᠰᠢᠶᠡᠷᠡᠯ ᠤᠨ ᠡᠯᠧᠺᠲᠷᠣᠨ ᠦᠨᠡᠮᠯᠡᠯ ᠎ ᠢ ᠬᠢᠨᠠᠨ ᠣᠯᠭᠤᠪᠠ᠂ ᠡᠨᠡ ᠨᠢ ᠪᠠᠰᠠ ᠬᠠᠶᠢᠷᠤᠪ ᠤᠨ ᠲᠣᠬᠤᠶ ᠲᠣᠭᠤᠷᠢᠭ ᠤᠨ ᠪᠠᠷᠢᠯᠭ᠎ᠠ ᠶᠢᠨ ᠠᠵᠢᠯ ᠬᠢᠬᠦ ᠵᠥᠪᠰᠢᠶᠡᠷᠡᠯ ᠴᠠᠭᠠᠰᠤ ᠬᠡᠷᠡᠭᠯᠡᠬᠦ ᠥᠬᠡᠶ ᠪᠠᠷ ᠬᠢᠨᠠᠨ ᠵᠥᠪᠰᠢᠶᠡᠷᠡᠬᠦ ᠰᠢᠨ᠎ᠡ ᠴᠠᠭ ᠦᠶ᠎ᠡ ᠳᠤ ᠣᠷᠣᠭᠰᠠᠨ ᠢ ᠬᠠᠷᠠᠭᠤᠯᠵᠤ ᠪᠠᠶᠢᠨ᠎ᠠ᠃      ᠪᠥᠲᠥᠭᠡᠨ ᠪᠠᠶᠢᠭᠤᠯᠬᠤ ᠨᠢᠭᠡᠴᠡ ᠨᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠪᠠᠷᠢᠯᠭ᠎ᠠ ᠶᠢᠨ ᠠᠵᠢᠯ ᠬᠢᠬᠦ ᠶᠢ ᠵᠥᠪᠰᠢᠶᠡᠷᠡᠬᠦ ᠵᠦᠶᠯᠡᠰ ᠭᠤᠶᠤᠴᠢᠯᠠᠭᠠᠳ ᠵᠥᠪᠰᠢᠶᠡᠷᠡᠭᠳᠡᠭᠰᠡᠨ ᠤ ᠳᠠᠷᠠᠭ᠎ᠠ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ ᠶᠢ ᠪᠡᠶᠡᠯᠡᠭᠦᠯᠵᠦ᠂ ᠡᠯᠧᠺᠲᠷᠣᠨ ᠲᠠᠮᠠᠭ᠎ᠠ ᠶᠢᠨ ᠴᠢᠳᠠᠮᠵᠢ ᠎ ᠶᠢ ᠠᠰᠢᠭᠯᠠᠨ ᠡᠯᠧᠺᠲᠷᠣᠨ ᠦᠨᠡᠮᠯᠡᠯ ᠢ ᠪᠣᠶ ᠪᠣᠯᠭᠠᠵᠤ᠂ ᠪᠥᠲᠥᠭᠡᠨ ᠪᠠᠶᠢᠭᠤᠯᠬᠤ ᠨᠢᠭᠡᠴᠡ ᠨᠢ ᠠᠵᠢᠯᠯᠠᠬᠤ ᠲᠦᠷᠢᠮ ᠎ ᠤᠨ ᠥᠭᠡᠷᠡᠴᠢᠯᠡᠯᠲᠡ ᠶᠢᠨ ᠰᠢᠰᠲ᠋ᠧᠮ ᠳᠤ ᠭᠠᠷᠴᠤ ᠬᠢᠨᠠᠨ ᠵᠥᠪᠰᠢᠶᠡᠷᠡᠬᠦ ᠪᠠᠶᠢᠭᠤᠯᠭ᠎ᠠ ᠶᠢᠨ ᠡᠯᠧᠺᠲᠷᠣᠨ ᠲᠠᠮᠠᠭ᠎ᠠ ᠎ ᠲᠠᠢ ᠡᠯᠧᠺᠲᠷᠣᠨ ᠦᠨᠡᠮᠯᠡᠯ ᠢ ᠥᠪᠡᠰᠦᠪᠡᠨ ᠪᠠᠶᠢᠴᠠᠭᠠᠨ ᠯᠠᠪᠯᠠᠵᠤ᠂ ᠳᠠᠷᠤᠮᠠᠯᠯᠠᠵᠤ᠂ ᠪᠠᠭᠤᠯᠭᠠᠨ ᠠᠪᠴᠤ ᠬᠠᠳᠠᠭᠠᠯᠠᠵᠤ ᠪᠣᠯᠤᠨ᠎ᠠ᠂ ᠴᠣᠩᠬᠤᠪᠴᠢ ᠳᠤ ᠬᠦᠷᠴᠦ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠠᠪᠬᠤ ᠴᠢᠬᠤᠯᠠ ᠥᠬᠡᠶ᠃ ᠣᠳᠣᠬᠠᠨ ᠳᠤ ᠪᠥᠬᠦ ᠬᠤᠲᠠ ᠶᠢᠨ ᠬᠡᠪᠴᠢᠶᠡᠨ ᠳᠤ ᠬᠡᠷᠡᠭᠵᠢᠭᠦᠯᠵᠦ ᠪᠠᠶᠢᠭ᠎ᠠ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠳᠤ ᠴᠥᠮ ᠪᠠᠷᠢᠯᠭ᠎ᠠ ᠪᠠᠷᠢᠬᠤ ᠵᠥᠪᠰᠢᠶᠡᠷᠡᠯ ᠤᠨ ᠡᠯᠧᠺᠲᠷᠣᠨ ᠦᠨᠡᠮᠯᠡᠯ ᠢ ᠭᠦᠶᠴᠡᠳᠬᠡᠵᠦ ᠪᠣᠯᠤᠨ᠎ᠠ᠂ ᠡᠯᠧᠺᠲᠷᠣᠨ ᠦᠨᠡᠮᠯᠡᠯ ᠨᠢ ᠴᠠᠭᠠᠰᠤᠨ ᠦᠨᠡᠮᠯᠡᠯ ᠲᠠᠢ ᠠᠳᠠᠯᠢᠬᠠᠨ ᠬᠠᠤᠯᠢ ᠴᠠᠭᠠᠵᠠ ᠶᠢᠨ ᠬᠦᠴᠦᠨ ᠲᠠᠢ᠃      ᠪᠠᠷᠢᠯᠭ᠎ᠠ ᠶᠢᠨ ᠠᠵᠢᠯ ᠤᠨ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠢ ᠭᠦᠶᠴᠡᠳᠬᠡᠬᠦ ᠶᠢᠨ ᠬᠤᠪᠢᠷᠠᠯᠲᠠ ᠪᠣᠯ ᠬᠠᠶᠢᠷᠤᠪ ᠤᠨ ᠲᠣᠬᠤᠶ ᠲᠣᠭᠤᠷᠢᠭ ᠤᠨ《 ᠲᠠᠯᠪᠢᠬᠤ ᠬᠠᠮᠢᠶᠠᠷᠬᠤ ᠦᠶᠯᠡᠴᠢᠯᠡᠬᠦ 》ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ ᠦᠷ᠎ᠡ ᠪᠦᠲᠦᠭᠡᠯ ᠤᠨ ᠨᠢᠭᠡ ᠪᠣᠯᠤᠨ᠎ᠠ᠂ ᠬᠠᠶᠢᠷᠤᠪ ᠤᠨ ᠲᠣᠬᠤᠶ ᠲᠣᠭᠤᠷᠢᠭ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠴᠤᠪᠤᠷᠠᠯ ᠢ ᠦᠷᠭᠦᠯᠵᠢᠯᠡᠨ ᠳᠥᠭᠦᠮᠴᠢᠯᠡᠵᠦ ᠦᠶᠯᠡᠴᠢᠯᠡᠭᠡ ᠶᠢ ᠰᠢᠯᠢᠳᠡᠭᠵᠢᠭᠦᠯᠦᠨ᠂ ᠮᠡᠳᠡᠭᠡ ᠵᠠᠩᠭᠢᠵᠢᠯᠲᠠ᠂ ᠡᠯᠧᠺᠲᠷᠤᠨᠵᠢᠯᠳᠡ ᠎ ᠶᠢᠨ ᠥᠭᠡᠷᠡᠴᠢᠯᠡᠯᠲᠡ ᠶᠢ ᠲᠠᠰᠤᠷᠠᠯᠲᠠ ᠥᠬᠡᠶ ᠰᠦᠪᠡᠭᠴᠢᠯᠡᠨ ᠠᠬᠢᠭᠤᠯᠵᠤ᠂ ᠬᠢᠨᠠᠨ ᠵᠥᠪᠰᠢᠶᠡᠷᠡᠬᠦ ᠰᠢᠰᠲ᠋ᠧᠮ ᠤᠨ ᠴᠢᠳᠠᠮᠵᠢ ᠶᠢ ᠲᠡᠭᠦᠯᠳᠡᠷᠵᠢᠭᠦᠯᠦᠨ᠂ ᠠᠵᠤ ᠠᠬᠤᠶᠢᠯᠠᠯ ᠳᠤ ᠦᠶᠯᠡᠴᠢᠯᠡᠬᠦ 《 ᠡᠴᠦᠰ ᠤᠨ ᠨᠢᠭᠡ ᠺᠢᠯᠣᠮᠧᠲᠷ 》᠎ ᠢ ᠬᠦᠴᠦᠯᠡᠨ ᠨᠡᠪᠲᠡᠷᠡᠭᠦᠯᠵᠦ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠶᠴᠡᠳᠬᠡᠬᠦ ᠳᠤ ᠨᠠᠩ ᠳᠥᠭᠦᠮ ᠳᠥᠲᠡ᠂ ᠨᠠᠩ ᠰᠡᠳᠬᠢᠯ ᠠᠮᠤᠷ ᠪᠣᠯᠭᠠᠵᠤ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠶᠴᠡᠳᠬᠡᠬᠦ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号