2 ᠰᠠᠷ᠎ᠠ ᠶᠢᠨ 3 ᠎ ᠤ ᠡᠳᠦᠷ ᠠᠴᠠ ᠡᠬᠢᠯᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠦᠨ᠎ᠡ ᠶᠢ ᠪᠠᠭᠤᠷᠠᠭᠤᠯᠤᠭᠠᠳ ᠤᠳᠠᠭ᠎ᠠ ᠪᠦᠷᠢ 80 ᠲᠥᠭᠦᠷᠢᠭ ᠪᠣᠯᠭᠠᠪᠠ
ᠨᠡᠶᠢᠲᠡᠯᠡᠭᠰᠡᠨ ᠴᠠᠭ᠄
2021/2/3
   ᠠᠷᠠᠳ ᠣᠯᠠᠨ ᠤ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ ᠶᠢᠨ ᠲᠥᠯᠥᠭᠡ᠂ ᠣᠶᠢᠷ᠎ᠠ ᠎ ᠳᠤ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ 《 ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠲᠥᠷᠥᠯ ᠵᠦᠶᠯ ᠤᠨ ᠦᠨ᠎ᠡ ᠬᠠᠩᠰᠢ ᠎ ᠶᠢ ᠨᠥᠬᠦᠪᠥᠷᠢᠯᠡᠨ ᠲᠣᠬᠢᠷᠠᠭᠤᠯᠬᠤ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠮᠡᠳᠡᠭᠳᠡᠯ  ᠎ ᠢ ᠨᠡᠶᠢᠲᠡᠯᠡᠵᠦ᠂ 2 ᠰᠠᠷ᠎ᠠ ᠶᠢᠨ 3  ᠎ ᠤ ᠡᠳᠦᠷ ᠠᠴᠠ ᠡᠬᠢᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ 1 ᠬᠥᠮᠦᠨ ᠤ 1 ᠰᠢᠯᠭᠠᠨ ᠪᠠᠶᠢᠴᠠᠭᠠᠯᠲᠠ ᠶᠢᠨ ᠲᠥᠷᠥᠯ ᠵᠦᠶᠯ ᠤᠨ ᠦᠨ᠎ᠡ ᠶᠢ 110 ᠲᠥᠭᠦᠷᠢᠭ ᠤᠳᠠᠭ᠎ᠠ ᠪᠠᠶᠢᠭᠰᠠᠨ ᠠᠴᠠ ᠨᠢ ᠤᠳᠠᠭ᠎ᠠ ᠪᠦᠷᠢ 80 ᠲᠥᠭᠦᠷᠢᠭ ᠪᠣᠯᠭᠠᠨ ᠲᠣᠬᠢᠷᠠᠭᠤᠯᠤᠨ᠎ᠠ ᠭᠡᠵᠦ ᠲᠣᠳᠣᠷᠬᠠᠶ ᠲᠣᠭᠲᠠᠭᠠᠪᠠ᠃     ᠡᠭᠦᠨ ᠠᠴᠠ ᠭᠠᠳᠠᠨ᠎ᠠ᠂ 《 ᠮᠡᠳᠡᠭᠳᠡᠯ 》᠎ ᠳᠤ ᠪᠠᠰᠠ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠎ ᠤᠨ 10 ᠬᠤᠯᠢᠮᠠᠭ 1  ᠎ ᠶᠢ ᠰᠢᠯᠭᠠᠨ ᠪᠠᠶᠢᠴᠠᠭᠠᠬᠤ ᠳᠤ ᠬᠥᠮᠦᠨ ᠪᠦᠷᠢ ᠤᠳᠠᠭ᠎ᠠ 15 ᠲᠥᠭᠦᠷᠢᠭ᠂ ᠰᠢᠨ᠎ᠡ ᠲᠢᠲᠢᠮᠯᠢᠭ ᠸᠢᠷᠦ᠋ᠰ ᠤᠨ 5 ᠬᠤᠯᠢᠮᠠᠭ 1  ᠎ ᠶᠢ ᠰᠢᠯᠭᠠᠨ ᠪᠠᠶᠢᠴᠠᠭᠠᠬᠤ ᠳᠤ ᠬᠥᠮᠦᠨ ᠪᠦᠷᠢ ᠤᠳᠠᠭ᠎ᠠ 25 ᠲᠥᠭᠦᠷᠢᠭ ᠬᠡᠷᠡᠭᠰᠡᠨ᠎ᠡ ᠭᠡᠵᠦ ᠲᠣᠳᠣᠷᠬᠠᠶᠢᠯᠠᠪᠠ᠃ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ 10 ᠬᠤᠯᠢᠮᠠᠭ 1᠎ ᠶᠢ ᠰᠢᠯᠭᠠᠨ ᠪᠠᠶᠢᠴᠠᠭᠠᠬᠤ ᠪᠠ 5 ᠬᠤᠯᠢᠮᠠᠭ 1᠎ ᠶᠢ ᠰᠢᠯᠭᠠᠨ ᠪᠠᠶᠢᠴᠠᠭᠠᠬᠤ ᠵᠠᠷᠤᠳᠠᠯ ᠢ ᠬᠠᠮᠢᠶ᠎ᠠ ᠪᠥᠬᠦᠶ ᠰᠢᠯᠭᠠᠨ ᠪᠠᠶᠢᠴᠠᠭᠠᠬᠤ ᠪᠠᠶᠢᠭᠤᠯᠤᠮᠵᠢ ᠠᠴᠠ ᠶᠡᠭᠡ ᠬᠡᠪᠴᠢᠶᠡᠨ ᠤ ᠬᠥᠮᠦᠰ ᠢ ᠲᠦᠷᠭᠡᠨ ᠰᠢᠭᠰᠢᠨ ᠪᠠᠶᠢᠴᠠᠭᠠᠬᠤ ᠦᠶ᠎ᠡ ᠎ ᠳᠤ ᠬᠤᠷᠢᠶᠠᠨ ᠠᠪᠬᠤ ᠳᠤ ᠬᠡᠷᠡᠭᠯᠡᠨ᠎ᠡ᠃ ᠥᠪᠡᠷᠲᠡᠭᠡᠨ ᠵᠠᠰᠠᠬᠤ ᠣᠷᠣᠨ ᠠᠴᠠ ᠡᠮᠴᠢᠯᠡᠭᠡᠨ ᠤ ᠪᠠᠶᠢᠭᠤᠯᠤᠮᠵᠢ ᠶᠢᠨ ᠰᠦᠯᠵᠢᠶᠡᠨ ᠠᠴᠠ ᠭᠠᠳᠠᠨ᠎ᠠ ᠬᠤᠳᠠᠯᠳᠤᠨ ᠠᠪᠬᠤ᠂ ᠰᠦᠢᠳᠬᠡᠯ ᠬᠤᠷᠢᠶᠠᠬᠤ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠬᠦ ᠪᠠ ᠰᠦᠢᠳᠬᠡᠯ ᠬᠤᠷᠢᠶᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠵᠡᠷᠭᠡ ᠦᠢᠯᠡ ᠠᠵᠢᠯᠯᠠᠭ᠎ᠠ ᠶᠢ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠴᠢᠩᠭ᠎ᠠ ᠰᠢᠶᠳᠪᠦᠷᠢᠯᠡᠨ᠎ᠡ᠃     ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠲᠥᠷᠥᠯ ᠵᠦᠶᠯ ᠨᠢ ᠬᠢᠵᠢᠭ ᠤᠨ ᠬᠤᠭᠤᠴᠠᠭᠠᠨ ᠳᠤ ᠲᠦᠷ ᠴᠠᠭ ᠰᠦᠶᠳᠬᠡᠯ ᠬᠤᠷᠢᠶᠠᠬᠤ ᠲᠥᠷᠥ ᠶᠢᠨ ᠪᠣᠳᠣᠯᠭ᠎ᠠ ᠪᠠᠶᠢᠵᠤ᠂ ᠬᠢᠵᠢᠭ ᠤᠨ ᠪᠠᠶᠢᠳᠠᠯ ᠳᠠᠭᠤᠰᠤᠭᠰᠠᠨ ᠤ ᠳᠠᠷᠠᠭ᠎ᠠ ᠠᠶᠠᠨᠳᠠᠭᠠᠨ ᠬᠦᠴᠦᠨ ᠥᠬᠡᠶ ᠪᠣᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号