ᠬᠠᠶᠢᠷᠤᠪ ᠤᠨ ᠲᠣᠬᠤᠶ ᠲᠣᠭᠤᠷᠢᠭ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠤᠬᠠᠭᠤᠯᠭ᠎ᠠ ᠶᠢᠨ ᠠᠵᠢᠯ ᠢ ᠴᠢᠩᠭᠠᠳᠬᠠᠪᠠ
ᠨᠡᠶᠢᠲᠡᠯᠡᠭᠰᠡᠨ ᠴᠠᠭ᠄
2021/2/4
     ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠴᠠᠭᠠᠨ ᠰᠠᠷ᠎ᠠ ᠠᠴᠠ ᠡᠮᠦᠨᠡᠬᠡᠨ᠂ ᠤᠬᠠᠭᠤᠯᠭ᠎ᠠ ᠵᠢᠯᠤᠭᠤᠳᠤᠯᠭ᠎ᠠ ᠪᠠᠨ ᠤᠷᠢᠳᠴᠢᠯᠠᠨ ᠴᠢᠩᠭᠠᠳᠬᠠᠵᠤ᠂ ᠪᠦᠬᠦ ᠠᠷᠠᠳ ᠢᠶᠠᠷ ᠢᠶᠠᠨ ᠣᠷᠣᠯᠴᠠᠬᠤ ᠠᠭᠤᠷ ᠠᠮᠢᠰᠬᠤᠯ ᠢ ᠪᠤᠢ ᠪᠣᠯᠭᠠᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠪᠡ᠃      ᠴᠠᠭᠠᠨ ᠰᠠᠷ᠎ᠠ ᠶᠢᠨ ᠬᠤᠭᠤᠴᠠᠭᠠᠨ ᠳᠤ ᠬᠤᠸᠠᠷ ᠫᠤᠤᠵᠢᠩ ᠲᠠᠯᠪᠢᠬᠤ ᠨᠢ ᠤᠯᠠᠮᠵᠢᠯᠠᠯᠲᠤ ᠵᠠᠩ ᠵᠠᠩᠰᠢᠯ ᠪᠣᠯᠪᠠᠴᠤ ᠬᠤᠸᠠᠷ ᠫᠤᠤᠵᠢᠩ ᠲᠠᠯᠪᠢᠬᠤ ᠨᠢ ᠱᠤᠤᠭᠢᠶᠠᠨ ᠡᠭᠦᠰᠭᠡᠵᠦ᠂ ᠣᠷᠴᠢᠨ ᠲᠣᠭᠤᠷᠢᠨ ᠢ ᠪᠣᠬᠢᠷᠲᠤᠭᠤᠯᠤᠨ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠠᠵᠢᠯ ᠤᠨ ᠳᠠᠷᠤᠭᠠᠰᠤ ᠶᠢ ᠨᠡᠮᠡᠭᠳᠡᠭᠦᠯᠬᠦ ᠪᠠᠷ ᠪᠠᠷᠠᠬᠤ ᠥᠬᠡᠶ᠂ ᠵᠥᠪ ᠪᠤᠰᠤ ᠪᠠᠷ ᠲᠠᠯᠪᠢᠬᠤ ᠨᠢ ᠪᠠᠰᠠ ᠠᠮᠠᠷᠬᠠᠨ ᠭᠠᠯ ᠤᠨ ᠠᠶᠤᠯ ᠢ ᠡᠭᠦᠰᠭᠡᠳᠡᠭ᠃《 ᠦᠬᠠᠶ ᠬᠤᠲᠠ ᠎ ᠶᠢᠨ ᠠᠷᠠᠳ ᠤᠨ ᠵᠠᠰᠠᠭ ᠤᠨ ᠣᠷᠳᠣᠨ ᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠤᠬᠠᠶ ᠵᠠᠷᠯᠠᠯ 》᠎ ᠤᠨ ᠱᠠᠭᠠᠷᠳᠠᠯᠭ᠎ᠠ ᠶᠣᠰᠣᠭᠠᠷ᠂ 2020 ᠣᠨ ᠤ 10 ᠳ᠋ᠤᠭᠠᠷ ᠰᠠᠷ᠎ᠠ ᠶᠢᠨ 1  ᠎ ᠤ ᠡᠳᠦᠷ ᠠᠴᠠ ᠡᠬᠢᠯᠡᠨ᠂ ᠪᠥᠬᠦ ᠬᠤᠲᠠ ᠶᠢᠨ ᠭᠤᠤᠯ ᠬᠤᠲᠠ ᠶᠢᠨ ᠲᠣᠭᠤᠷᠢᠭ ᠲᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠨ᠎ᠠ᠃      ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠡᠯ᠎ᠡ ᠬᠤᠲᠠ ᠶᠢᠨ ᠦᠵᠡᠮᠵᠢ ᠶᠢᠨ ᠬᠠᠮᠢᠶᠠᠷᠤᠯᠲᠠ ᠶᠢᠨ ᠳᠤᠮᠳᠠ ᠠᠩᠭᠢ ᠬᠤᠲᠠ ᠶᠢᠨ ᠲᠣᠭᠤᠷᠢᠭ ᠤᠨ ᠭᠤᠤᠯ ᠵᠠᠮ ᠤᠨ ᠬᠡᠰᠡᠭ᠂ ᠬᠤᠳᠠᠯᠳᠤᠭᠠᠨ ᠤ ᠠᠭᠤᠳᠠᠮ ᠲᠠᠯᠠᠪᠠᠶ᠂ ᠵᠠᠬ᠎ᠠ ᠳᠡᠯᠭᠡᠭᠦᠷ᠂ ᠰᠤᠷᠭᠠᠭᠤᠯᠢ ᠶᠢᠨ ᠡᠷᠬᠢᠨ ᠲᠣᠭᠤᠷᠢᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠭᠦᠨᠵᠡᠭᠡᠶᠢᠷᠡᠨ᠂ 《 ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠤᠬᠠᠶ ᠵᠠᠷᠯᠠᠯ 》  ᠎ ᠢ ᠨᠠᠭᠠᠭᠰᠠᠨ ᠪᠠ ᠲᠠᠷᠬᠠᠭᠠᠵᠤ᠂ ᠫᠤᠤᠵᠢᠩ ᠲᠠᠯᠪᠢᠬᠤ ᠶᠢ ᠴᠠᠭᠠᠵᠠᠯᠠᠬᠤ ᠲᠦᠷᠢᠮ ᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠬᠠᠷᠢᠶᠠᠲᠤ ᠣᠷᠣᠨ ᠤ ᠵᠡᠭᠡᠯᠢ ᠳᠠᠭᠠᠤ ᠶᠢᠨ ᠬᠤᠳᠠᠯᠳᠤᠭᠠᠨ ᠤ ᠡᠷᠦᠬᠡ ᠳᠤ ᠠᠮᠤᠷ ᠲᠦᠪᠰᠢᠨ ᠤ ᠪᠠᠶᠢᠴᠠᠭᠠᠯᠲᠠ ᠬᠢᠪᠠ᠃      ᠫᠤᠤᠵᠢᠩ ᠲᠠᠯᠪᠢᠬᠤ ᠶᠢ ᠴᠠᠭᠠᠵᠠᠯᠠᠬᠤ ᠤᠬᠠᠭᠤᠯᠭ᠎ᠠ ᠶᠢᠨ ᠠᠵᠢᠯ ᠢ ᠭᠦᠨᠵᠡᠭᠡᠶ ᠳᠥᠯᠭᠢᠨ ᠠᠬᠢᠭᠤᠯᠬᠤ ᠶᠢ ᠳᠠᠭᠠᠯᠳᠤᠨ᠂ ᠴᠥᠭᠡᠨ ᠪᠤᠰᠤ ᠬᠤᠳᠠᠯᠳᠤᠭᠠᠴᠢᠨ ᠡᠷᠦᠬᠡ ᠪᠣᠯᠤᠨ ᠬᠤᠲᠠ ᠶᠢᠨ ᠠᠷᠠᠳ ᠬᠤᠶᠢᠨ᠎ᠠ ᠬᠤᠶᠢᠨ᠎ᠠ ᠠᠴᠠ ᠎ ᠪᠠᠨ ᠢᠯᠡᠷᠬᠡᠶᠢᠯᠡᠬᠦ ᠳᠡᠭᠡᠨ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠢ ᠳᠡᠮᠵᠢᠵᠦ᠂ 《 ᠦᠬᠠᠶ ᠶᠢᠨ ᠬᠥᠬᠡ ᠥᠩᠭᠡ 》  ᠎ ᠶᠢ ᠬᠠᠮᠲᠤ ᠪᠠᠷ ᠰᠠᠬᠢᠨ ᠬᠠᠮᠠᠭᠠᠯᠠᠨ᠎ᠠ ᠭᠡᠵᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号