ᠬᠠᠶᠢᠪᠸᠢ ᠵᠡᠭᠡᠯᠢ ᠭᠤᠳᠤᠮᠵᠢ ᠶᠢᠨ ᠬᠠᠲᠤᠨ ᠭᠤᠤᠯ ᠤᠨ ᠨᠡᠶᠢᠭᠡᠮ ᠲᠣᠭᠤᠷᠢᠭ ᠬᠤᠶᠠᠳᠤᠭᠠᠷ ᠤᠳᠠᠭᠠᠨ ᠤ ᠡᠮᠡᠭᠲᠡᠶᠢᠴᠦᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠠᠮᠵᠢᠯᠲᠠ ᠲᠠᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/2/4
     2021 ᠣᠨ ᠤ 2 ᠰᠠᠷ᠎ᠠ ᠶᠢᠨ 2᠎ ᠤᠨ ᠡᠳᠦᠷ ᠤᠨ ᠦᠳᠡ ᠶᠢᠨ ᠡᠮᠦᠨᠡᠬᠢ 10 ᠴᠠᠭ ᠲᠤ᠂ ᠬᠠᠶᠢᠪᠸᠢ ᠵᠡᠭᠡᠯᠢ ᠭᠤᠳᠤᠮᠵᠢ ᠶᠢᠨ ᠬᠠᠲᠤᠨ ᠭᠤᠤᠯ ᠤᠨ ᠨᠡᠶᠢᠭᠡᠮ ᠲᠣᠭᠤᠷᠢᠭ ᠬᠤᠶᠠᠳᠤᠭᠠᠷ ᠤᠳᠠᠭᠠᠨ ᠤ ᠡᠮᠡᠭᠲᠡᠶᠢᠴᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠵᠤ᠂ ᠬᠠᠶᠢᠪᠸᠢ ᠵᠡᠭᠡᠯᠢ ᠭᠤᠳᠤᠮᠵᠢ ᠶᠢᠨ ᠬᠠᠲᠤᠨ ᠭᠤᠤᠯ ᠤᠨ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠭᠦᠶᠴᠡᠳᠬᠡᠬᠦ ᠵᠥᠪᠯᠡᠯ ᠤᠨ ᠭᠡᠰᠢᠭᠦᠨ ᠢ ᠰᠣᠩᠭᠤᠨ ᠭᠠᠷᠭᠠᠪᠠ᠃     ᠲᠤᠰ ᠤᠳᠠᠭᠠᠨ ᠤ ᠶᠡᠭᠡ ᠬᠤᠷᠠᠯ ᠳᠤ ᠣᠷᠣᠯᠴᠠᠬᠤ ᠶᠣᠰᠣᠲᠠᠢ ᠡᠮᠡᠭᠲᠡᠢ ᠲᠥᠯᠥᠭᠡᠯᠡᠭᠴᠢ 36 ᠬᠥᠮᠦᠨ᠂ ᠪᠣᠳᠠᠲᠠᠢ ᠢᠷᠡᠭᠰᠡᠨ ᠨᠢ 26 ᠬᠥᠮᠦᠨ᠂ ᠤᠴᠢᠷ ᠰᠢᠯᠲᠠᠭᠠᠨ ᠢᠶᠠᠷ ᠡᠪᠡᠳᠴᠢᠨ ᠢᠶᠠᠷ 10 ᠬᠥᠮᠦᠨ ᠴᠢᠯᠥᠭᠡ ᠭᠤᠶᠤᠵᠠᠢ᠂ ᠲᠤᠰ ᠤᠳᠠᠭᠠᠨ ᠤ ᠬᠤᠷᠠᠯ ᠢ ᠸᠠᠩ ᠶᠢᠨ ᠡᠷᠬᠢᠯᠡᠪᠡ᠃ ᠬᠤᠷᠠᠯ ᠳᠡᠭᠡᠷ᠎ᠡ᠂ ᠳᠡᠭᠡᠷ᠎ᠡ ᠨᠢᠭᠡ ᠬᠤᠭᠤᠴᠠᠭᠠᠨ ᠎ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠭᠧ ᠯᠢ《 ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ 》ᠪᠣᠯᠤᠨ《 ᠡᠮᠡᠭᠲᠡᠶᠢᠴᠦᠳ ᠤᠨ ᠬᠤᠯᠪᠣᠭ᠎ᠠ ᠶᠢᠨ ᠭᠦᠢᠴᠡᠳᠬᠡᠭᠴᠢ ᠭᠡᠰᠢᠭᠦᠨ ᠤ ᠵᠢᠱᠢᠭᠳᠡᠭᠰᠡᠳ ᠤᠨ ᠨᠡᠷᠡᠰ 》᠎ ᠢ ᠤᠩᠰᠢᠨ ᠨᠡᠶᠢᠲᠡᠯᠡᠵᠦ᠂ ᠡᠮᠡᠭᠲᠡᠶᠢᠴᠦᠳ ᠤᠨ ᠬᠤᠯᠪᠣᠭ᠎ᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠷᠭᠡᠨ ᠤᠯᠠᠨ ᠡᠮᠡᠭᠲᠡᠶᠢᠴᠦᠳ ᠲᠤ ᠡᠮᠡᠭᠲᠡᠶᠢᠴᠦᠳ ᠤᠨ ᠬᠤᠯᠪᠣᠭ᠎ᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠭᠤᠯᠵᠤ᠂ ᠥᠷᠭᠡᠨ ᠤᠯᠠᠨ ᠡᠮᠡᠭᠲᠡᠶᠢᠴᠦᠳ ᠤᠨ ᠬᠤᠯᠪᠣᠭ᠎ᠠ ᠶᠢᠨ ᠲᠤᠰ ᠤᠳᠠᠭ᠎ᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢ ᠴᠢᠬᠤᠯᠠᠴᠢᠯᠠᠬᠤ ᠬᠡᠮᠵᠢᠶ᠎ᠡ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠬᠤᠭᠤᠴᠠᠭ᠎ᠠ ᠰᠣᠯᠢᠬᠤ ᠠᠵᠢᠯ ᠢ ᠤᠷᠤᠭᠰᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠪᠠ᠃      ᠬᠠᠲᠤᠨ ᠭᠤᠤᠯ ᠤᠨ ᠨᠡᠶᠢᠭᠡᠮ ᠲᠣᠭᠤᠷᠢᠭ ᠤᠨ ᠲᠣᠰ ᠤᠳᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠶᠡᠭᠡ ᠬᠤᠷᠠᠯ ᠨᠢ ᠲᠠᠰ ᠳᠠᠷᠠᠭᠠᠯᠠᠯ ᠢ ᠴᠢᠩᠭ᠎ᠠ ᠵᠢᠷᠤᠮᠯᠠᠨ᠂ ᠰᠢᠨ᠎ᠡ ᠨᠢᠭᠡ ᠬᠤᠭᠤᠴᠠᠭᠠᠨ ᠤ ᠭᠦᠶᠴᠡᠳᠬᠡᠬᠦ ᠵᠥᠪᠯᠡᠯ ᠤᠨ ᠭᠡᠰᠢᠭᠦᠨ ᠨᠡᠶᠢᠲᠡ 7 ᠬᠥᠮᠦᠨ ᠢ ᠰᠣᠩᠭᠤᠨ ᠭᠠᠷᠭᠠᠪᠠ᠂ ᠡᠭᠦᠨ ᠳᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ 1 ᠬᠥᠮᠦᠨ᠂ ᠲᠤᠰᠢᠶᠠᠯ ᠬᠠᠪᠰᠤᠷᠭᠠᠭᠰᠠᠨ ᠳᠡᠳ᠋ ᠲᠡᠷᠢᠭᠦᠯᠡᠭᠴᠢ 2 ᠬᠥᠮᠦᠨ ᠪᠠᠶᠢᠵᠤ᠂ ᠨᠢᠭᠡ ᠪᠦᠯᠦᠭ ᠶᠡᠷᠦᠩᠬᠡᠶᠢᠯᠡᠭᠰᠡᠨ ᠬᠡᠪ ᠴᠢᠨᠠᠷ ᠢᠶᠠᠷ ᠥᠨᠳᠥᠷ᠂ ᠬᠥᠭᠵᠢᠯᠲᠡ ᠶᠢᠨ ᠳᠠᠯᠳᠠ ᠬᠦᠴᠦᠨ ᠢᠶᠠᠷ ᠶᠡᠭᠡ᠂ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠪᠠᠷ ᠴᠢᠩᠭ᠎ᠠ ᠰᠢᠯᠢᠳᠡᠭ ᠡᠮᠡᠭᠲᠡᠶᠢᠴᠦᠳ ᠢ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠪᠠᠭ ᠲᠤ ᠣᠷᠣᠭᠤᠯᠪᠠ᠃      ᠳᠠᠷᠠᠭᠠᠴᠢ ᠶᠢᠨ ᠠᠯᠬᠤᠮ ᠳᠤ᠂ ᠬᠠᠳᠤᠨ ᠭᠤᠣᠯ ᠤᠨ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠡᠮᠬᠢ ᠴᠡᠭᠴᠡ ᠲᠠᠢ ᠪᠠᠷ ᠡᠮᠡᠭᠲᠡᠶᠢᠴᠦᠳ ᠤᠨ ᠠᠵᠢᠯ ᠢ ᠠᠬᠢᠭᠤᠯᠵᠤ᠂ ᠨᠢᠭᠡᠨ ᠰᠠᠯᠠᠭ᠎ᠠ ᠴᠢᠳᠠᠪᠤᠷᠢ ᠲᠠᠢ ᠡᠭᠦᠷᠭᠡᠯᠡᠯ ᠲᠠᠢ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠺᠠᠳ᠋ᠷ ᠤᠨ ᠡᠩᠨᠡᠭᠡ ᠶᠢ ᠪᠠᠶᠢᠭᠤᠯᠵᠤ᠂ ᠮᠠᠨ ᠤ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠬᠤ ᠠᠵᠢᠯ ᠤᠨ ᠶᠠᠰᠤ ᠴᠢᠨᠠᠷ ᠪᠣᠯᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠳᠤᠨ ᠭᠤᠣᠯ ᠤᠨ ᠨᠡᠶᠢᠭᠡᠮ ᠲᠣᠭᠤᠷᠢᠭ ᠤᠨ ᠬᠥᠭᠵᠢᠯᠲᠡ ᠳᠤ《 ᠲᠦᠷᠦ ᠶᠢᠨ ᠬᠠᠭᠠᠰ ᠲᠤᠯᠭᠠᠭᠤᠷᠢ 》᠎ ᠶᠢᠨ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号