ᠵᠠᠰᠠᠭ ᠤᠨ ᠣᠷᠳᠣᠨ ᠤ ᠠᠯᠪᠠᠨ ᠮᠡᠳᠡᠭᠡ 2021 ᠣᠨ ᠤ 1 ᠳ᠋ᠤᠭᠡᠷ ᠬᠤᠭᠤᠴᠠᠭ᠎ᠠ ︵ᠶᠡᠷᠣᠩᠬᠡᠢ 1 ᠳ᠋ᠤᠭᠡᠷ ᠬᠤᠭᠤᠴᠠᠭ᠎ᠠ ᠬᠤᠣᠰ ᠰᠠᠷ᠎ᠠ ᠶᠢᠨ ᠰᠡᠳᠭᠦᠯ︶
ᠨᠡᠶᠢᠲᠡᠯᠡᠭᠰᠡᠨ ᠴᠠᠭ᠄
2021/2/5
ᠰᠢᠨ ᠴᠢᠶᠣᠤ ᠶᠡᠭᠡ ᠵᠡᠭᠡᠯᠢ ᠶᠢᠨ ᠬᠤᠶᠠᠳᠤᠭᠠᠷ ᠵᠡᠭᠡᠯᠢ ᠶᠢᠨ ᠠᠰᠠᠷ ᠤᠨ 1 ᠳ᠋ᠦ᠋ᠭᠡᠷ ᠠᠰᠠᠷ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠬᠠᠮᠢᠶ᠎ᠠ ᠪᠥᠬᠦᠶ ᠭᠠᠷ ᠭᠦᠶᠴᠡᠳᠬᠡᠯ ᠢ ᠰᠢᠶᠳᠪᠦᠷᠢᠯᠡᠬᠦ ᠲᠤᠬᠠᠶ ᠵᠠᠬᠢᠳᠠᠯ          ᠬᠠᠶᠢᠷᠤᠪ ᠤᠨ ᠲᠤᠬᠤᠢ ᠲᠤᠭᠤᠷᠢᠭ ᠤᠨ ᠵᠠᠰᠠᠭ ᠤᠨ ᠶᠠᠪᠤᠳᠠᠯ ᠤᠨ ᠦᠰᠦᠭ  ﹇2021﹈ 4 ᠳ᠋ᠦ᠋ᠭᠡᠷ ᠲᠣᠭᠠᠲᠤ ᠦᠬᠠᠶ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠲᠥᠪ᠄      ᠰᠢᠨ ᠴᠢᠶᠣᠤ ᠶᠡᠭᠡ ᠵᠡᠭᠡᠯᠢ ᠶᠢᠨ ᠬᠤᠶᠠᠳᠤᠭᠠᠷ ᠵᠡᠭᠡᠯᠢ ᠶᠢᠨ ᠨᠢᠭᠡᠳᠦᠭᠡᠷ ᠨᠣᠮᠧᠷᠲᠤ ᠠᠰᠠᠷ ᠪᠣᠯ ᠦᠬᠠᠶ ᠬᠤᠲᠠ ᠶᠢᠨ ᠲᠢᠶᠠᠨ ᠰᠢᠶᠠᠩ ᠪᠠᠷᠢᠯᠭ᠎ᠠ ᠤᠭᠰᠠᠷᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠥᠲᠥᠭᠡᠨ ᠪᠠᠶᠢᠭᠤᠯᠤᠯᠲᠠ ᠪᠣᠯᠤᠨ᠎ᠠ᠂ ᠲᠥᠯᠥᠪᠵᠢᠭᠦᠯᠦᠭᠰᠡᠨ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 1206 ᠪᠠᠶᠢᠵᠤ᠂ ᠨᠡᠶᠢᠲᠡ 12 ᠡᠷᠦᠬᠡ ( 10 ᠡᠷᠦᠬᠡ ᠣᠷᠣᠨ ᠰᠠᠭᠤᠴᠠ᠂ 2 ᠡᠷᠦᠬᠡ ᠨᠠᠮ ᠤᠨ ᠭᠡᠰᠢᠭᠦᠨ ᠤ ᠠᠵᠢᠯᠯᠠᠭᠠᠨ ᠤ ᠲᠠᠰᠤᠭ ᠪᠠᠭᠲᠠᠨ᠎ᠠ ) ᠪᠣᠶ᠃ ᠣᠳᠣᠬᠠᠨ ᠳᠤ ᠲᠣᠰ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠥᠪᠰᠢᠶᠡᠷᠡᠯ ᠤᠨ ᠪᠢᠴᠢᠭ ᠤᠨ ᠭᠤᠤᠯ ᠴᠣᠭᠴᠠ ᠨᠢ ᠬᠠᠶᠢᠷᠤᠪ ᠤᠨ ᠲᠣᠬᠤᠶ ᠲᠣᠭᠤᠷᠢᠭ ᠤᠨ ᠵᠣᠬᠢᠶᠠᠨ ᠪᠠᠶᠢᠭᠤᠯᠬᠤ ᠬᠡᠯᠲᠡᠰ ᠪᠠᠶᠢᠵᠤ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠎ ᠤᠨ ᠦᠨᠡᠮᠯᠡᠯ ᠤᠨ ᠭᠤᠤᠯ ᠴᠣᠭᠴᠠ ᠨᠢ ᠴᠥᠮ ᠬᠠᠶᠢᠷᠤᠪ ᠤᠨ ᠲᠣᠬᠤᠶ ᠲᠣᠭᠤᠷᠢᠭ ᠤᠨ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ᠎ᠠ᠃     ᠥᠯᠥ ᠬᠥᠳᠡᠯᠬᠦ ᠬᠥᠷᠥᠩᠭᠡ ᠶᠢ ᠭᠦᠶᠴᠡᠳᠬᠡᠬᠦ ᠵᠢᠷᠤᠮ ᠶᠣᠰᠣᠭᠠᠷ᠂ ᠭᠠᠵᠠᠷ ᠰᠢᠷᠣᠶ ᠬᠡᠷᠡᠭᠰᠡᠬᠦ᠂ ᠲᠥᠯᠥᠪᠵᠢᠭᠦᠯᠭᠡ ᠶᠢᠨ ᠭᠠᠷ ᠭᠦᠶᠴᠡᠳᠬᠡᠯ ᠤᠨ ᠭᠤᠤᠯ ᠴᠣᠭᠴᠠ ᠶᠢᠨ ᠨᠢᠭᠡᠴᠡ ᠶᠢ ᠨᠢᠭᠡᠳᠬᠡᠬᠦ᠂ ᠭᠡᠷ ᠪᠠᠶᠢᠰᠢᠩ ᠤᠨ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠬᠠᠷᠢᠶᠠᠯᠠᠯ ᠢ ᠳᠠᠩᠰᠠᠯᠠᠬᠤ ᠦᠯᠡᠳᠡᠭᠳᠡᠯ ᠠᠰᠠᠭᠤᠳᠠᠯ ᠢ ᠰᠢᠶᠳᠪᠦᠷᠢᠯᠡᠬᠦ ᠎ ᠶᠢᠨ ᠲᠥᠯᠥᠭᠡ᠂ 《 ᠬᠡᠷ ᠪᠠᠶᠢᠰᠢᠩ ᠤᠨ ᠥᠮᠴᠢᠯᠡᠬᠦ ᠡᠷᠬᠡ ᠶᠢᠨ ᠦᠨᠡᠮᠯᠡᠯ ᠤᠨ ᠦᠯᠡᠳᠡᠭᠳᠡᠯ ᠠᠰᠠᠭᠤᠳᠠᠯ ᠢ ᠰᠢᠶᠳᠪᠦᠷᠢᠯᠡᠵᠦ ᠬᠡᠷ ᠪᠠᠶᠢᠰᠢᠩ ᠤᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠬᠠᠷᠢᠶᠠᠯᠠᠯ ᠤᠨ ᠳᠡᠩᠰᠡᠯᠡᠯᠲᠡ ᠶᠢ ᠲᠦᠷᠭᠡᠳᠬᠡᠨ ᠠᠬᠢᠭᠤᠯᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ 》 ( ᠦᠬᠠᠶ ᠵᠠᠰᠠᠭ ᠲᠠᠷᠬᠠᠭᠠᠭᠰᠠᠨ  ﹇2017﹈ 88 ᠳ᠋ᠤᠭᠠᠷ ᠲᠣᠭᠠᠲᠤ ) ᠵᠢᠴᠢ 《 ᠨᠥᠬᠦᠪᠥᠷᠢᠯᠡᠨ ᠭᠦᠶᠴᠡᠳᠬᠡᠬᠦ ᠨᠠᠷᠢᠨ ᠲᠦᠷᠢᠮ 》 ( ᠦᠬᠠᠶ ᠨᠠᠮ ᠠᠯᠪᠠᠨ ᠥᠰᠥᠭ  ﹇2019﹈ 43 ᠳ᠋ᠤᠭᠠᠷ ᠲᠣᠭᠠᠲᠤ )᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠲᠤᠭᠤᠷᠢᠭ ᠰᠤᠳᠤᠯᠤᠭᠠᠳ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠭᠤᠶᠤᠴᠢᠯᠠᠬᠤ ᠭᠤᠣᠯ ᠴᠣᠭᠴᠠ ᠪᠣᠯᠭᠠᠨ᠎ᠠ᠂ ᠰᠢᠨ ᠴᠢᠶᠤᠤ ᠶᠡᠭᠡ ᠵᠡᠭᠡᠯᠢ ᠶᠢᠨ ᠬᠤᠶᠠᠳᠤᠭᠠᠷ ᠵᠡᠭᠡᠯᠢ ᠭᠤᠳᠤᠮᠵᠢ ᠶᠢᠨ 1 ᠳ᠋ᠦ᠋ᠭᠡᠷ ᠠᠰᠠᠷ ᠤᠨ ᠥᠯᠥ ᠬᠥᠳᠡᠯᠬᠦ ᠬᠥᠷᠥᠩᠭᠡ ᠶᠢ ᠠᠩᠬ᠎ᠠ ᠤᠳᠠᠭ᠎ᠠ ᠳᠠᠩᠰᠠᠯᠠᠭᠤᠯᠬᠤ ᠪᠠᠷ ᠭᠤᠶᠤᠴᠢᠯᠠᠭᠴᠢ ᠶᠢᠨ ᠡᠭᠦᠷᠭᠡ ᠶᠢ ᠣᠷᠣᠯᠠᠨ ᠭᠦᠶᠴᠡᠳᠬᠡᠬᠦ ᠵᠢᠴᠢ ᠰᠢᠯᠵᠢᠭᠦᠯᠦᠨ ᠳᠠᠩᠰᠠᠯᠠᠭᠤᠯᠬᠤ ᠭᠠᠷᠳᠠᠮ ᠢ ᠬᠠᠪᠰᠤᠷᠤᠨ ᠲᠡᠭᠦᠯᠳᠡᠷᠵᠢᠭᠦᠯᠦᠨ᠎ᠡ᠃    ᠭᠤᠤᠯ ᠴᠣᠭᠴᠠ ᠥᠬᠡᠶ ᠵᠢᠵᠢᠭ ᠲᠣᠭᠤᠷᠢᠭ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠭᠦᠶᠴᠡᠳᠬᠡᠬᠦ ᠶᠢ ᠲᠦᠷᠭᠡᠳᠬᠡᠵᠦ᠂ ᠣᠯᠠᠨ ᠲᠦᠮᠡᠨ ᠤ ᠬᠡᠷ ᠪᠠᠶᠢᠰᠢᠩ ᠤᠨ ᠡᠷᠬᠡ ᠶᠢᠨ ᠬᠠᠷᠢᠶᠠᠯᠠᠯ ᠢ ᠳᠠᠩᠰᠠᠯᠠᠬᠤ ᠠᠰᠠᠭᠤᠳᠠᠯ ᠢ ᠴᠠᠭ ᠲᠤᠬᠠᠶ ᠳᠤᠨᠢ ᠪᠦᠲᠦᠮᠵᠢᠲᠡᠶ ᠰᠢᠶᠳᠪᠦᠷᠢᠯᠡᠬᠦ ᠶᠢᠨ ᠲᠥᠯᠥᠭᠡ᠂ ᠲᠠᠨ ᠤ ᠪᠠᠶᠢᠭᠤᠯᠭ᠎ᠠ ᠰᠢᠨ ᠴᠢᠶᠣᠤ ᠶᠡᠭᠡ ᠵᠡᠭᠡᠯᠢ ᠶᠢᠨ ᠬᠤᠶᠠᠳᠤᠭᠠᠷ ᠵᠡᠭᠡᠯᠢ ᠶᠢᠨ ᠵᠡᠭᠡᠯᠢ ᠶᠢᠨ 1 ᠳ᠋ᠦ᠋ᠭᠡᠷ ᠨᠣᠮᠧᠷᠲᠤ ᠠᠰᠠᠷ ᠲᠤ ᠥᠯᠥ ᠬᠥᠳᠡᠯᠬᠦ ᠬᠥᠷᠥᠩᠭᠡ ᠶᠢᠨ ᠠᠩᠬ᠎ᠠ ᠤᠳᠠᠭᠠᠨ ᠤ ᠳᠡᠩᠰᠡᠯᠡᠯᠲᠡ ᠵᠢᠴᠢ ᠰᠢᠯᠵᠢᠭᠦᠯᠦᠨ ᠳᠠᠩᠰᠠᠯᠠᠬᠤ ᠭᠠᠷ ᠭᠦᠶᠴᠡᠳᠬᠡᠯ ᠬᠢᠵᠦ ᠥᠭᠬᠦ ᠶᠢ ᠬᠦᠰᠡᠵᠦ ᠪᠠᠶᠢᠨ᠎ᠠ᠃                                          2021 ᠣᠨ ᠤ 1 ᠳ᠋ᠦ᠋ᠭᠡᠷ ᠰᠠᠷ᠎ᠠ ᠶᠢᠨ 15᠎ ᠤ ᠡᠳᠦᠷᠴᠠᠭᠠᠨ ᠰᠠᠷ᠎ᠠ ᠶᠢᠨ ᠬᠤᠭᠤᠴᠠᠭᠠᠨ ᠳᠠᠬᠢ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ                     ᠬᠠᠶᠢᠷᠤᠪ ᠤᠨ ᠲᠤᠬᠤᠢ ᠶᠠᠪᠤᠳᠠᠯ ᠤᠨ ᠠᠯᠪᠠᠨ ᠦᠰᠦᠭ  ﹇2021﹈ 3 ᠳ᠋ᠤᠭᠠᠷ ᠲᠣᠭᠠᠲᠤ ᠴᠡᠭᠡᠯ ᠠᠭᠤᠯᠠ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠄      ᠡᠨᠡ ᠵᠢᠯ ᠠᠴᠠ ᠨᠠᠰᠢ᠂ ᠬᠠᠶᠢᠷᠤᠪ ᠤᠨ ᠲᠤᠬᠤᠢ ᠲᠣᠭᠤᠷᠢᠭ ᠤᠨ ᠭᠠᠯ ᠤᠨ ᠭᠠᠮᠰᠢᠭ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠂ ᠭᠡᠪᠡᠴᠦ ᠨᠢᠭᠡᠨᠲᠡ ᠡᠭᠦᠰᠦᠭᠰᠡᠨ 23 ᠭᠠᠯ ᠤᠨ ᠭᠠᠮᠰᠢᠭ ᠤᠨ ᠳᠤᠮᠳᠠ᠂ ᠰᠠᠭᠤᠭᠠᠯᠢ ᠠᠷᠠᠳ ᠤᠨ ᠲᠣᠭᠤᠷᠢᠭ ᠤᠨ ᠭᠠᠯ ᠤᠨ ᠭᠠᠮᠰᠢᠭ 8 ᠪᠠᠶᠢᠵᠤ᠂ ᠶᠡᠷᠦᠩᠬᠡᠢ ᠡᠭᠦᠰᠦᠭᠰᠡᠨ 34 . 78 % ᠎ ᠶᠢ ᠡᠵᠡᠯᠡᠵᠦ᠂ ᠡᠩ ᠤᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠤᠨ ᠭᠠᠯ ᠤᠨ ᠭᠠᠮᠰᠢᠭ ᠨᠢ ᠮᠥᠨ ᠬᠦ ᠭᠤᠣᠯ ᠪᠣᠯᠬᠤ ᠭᠠᠯ ᠤᠨ ᠭᠠᠮᠰᠢᠭ ᠤᠨ ᠰᠢᠯᠲᠠᠭᠠᠨ ᠤ ᠨᠢᠭᠡ ᠪᠣᠯᠤᠨ᠎ᠠ᠃ ᠢᠯᠠᠩᠭᠤᠶ᠎ᠠ 2021 ᠣᠨ ᠤ 1 ᠰᠠᠷ᠎ᠠ ᠶᠢᠨ 24᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠵᠦᠩ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ 8 ᠳ᠋ᠤᠭᠠᠷ ᠨᠣᠮᠧᠷᠲᠤ ᠠᠰᠠᠷ ᠤᠨ 1 ᠳ᠋ᠦ᠋ᠭᠡᠷ ᠨᠢᠭᠡᠴᠢ 301 ᠲᠠᠰᠤᠭ ᠲᠤ ᠭᠠᠯ ᠤᠨ ᠠᠶᠤᠯ ᠭᠠᠷᠴᠤ᠂ ᠭᠡᠷ ᠳᠣᠲᠣᠷᠠᠬᠢ ᠤᠨᠲᠠᠬᠤ ᠬᠡᠷᠡᠭᠰᠡᠯ ᠵᠢᠴᠢ ᠵᠠᠰᠠᠵᠤ ᠴᠢᠮᠡᠭᠯᠡᠬᠦ ᠪᠠ ᠠᠮᠢᠳᠤᠷᠠᠯ ᠤᠨ ᠬᠡᠷᠡᠭᠰᠡᠯ ᠢ ᠰᠢᠲᠠᠭᠠᠵᠤ᠂ ᠨᠢᠭᠡ ᠬᠥᠮᠦᠨ ᠢ ᠦᠬᠦᠭᠦᠯᠪᠡ᠃ 2021 ᠣᠨ ᠤ 2 ᠰᠠᠷ᠎ᠠ ᠶᠢᠨ 2᠎ ᠤᠨ ᠡᠳᠦᠷ᠂ ᠬᠠᠶᠢᠷᠤᠪ ᠤᠨ ᠲᠣᠬᠤᠶ ᠲᠣᠭᠤᠷᠢᠭ ᠤᠨ ᠺᠠᠩ ᠲᠠᠢ ᠰᠠᠭᠤᠭᠠᠯᠢ ᠠᠷᠠᠳ ᠤᠨ ᠲᠣᠭᠤᠷᠢᠭ ᠤᠨ 16 ᠳ᠋ᠤᠭᠠᠷ ᠠᠰᠠᠷ ᠤᠨ 4 ᠳ᠋ᠦ᠋ᠭᠡᠷ ᠨᠢᠭᠡᠴᠢ 101 ᠥᠷᠥᠭᠡᠨ ᠳᠤ ᠭᠠᠯ ᠤᠨ ᠠᠶᠤᠯ ᠭᠠᠷᠴᠤ᠂ ᠬᠡᠷ ᠳᠣᠲᠣᠷ᠎ᠠ ᠣᠪᠣᠭᠠᠯᠠᠵᠤ ᠪᠠᠶᠢᠭᠰᠠᠨ ᠬᠠᠶᠠᠭᠳᠠᠮᠠᠯ ᠡᠳ᠋ ᠵᠢᠴᠢ ᠵᠠᠰᠠᠵᠤ ᠴᠢᠮᠡᠭᠯᠡᠬᠦ ᠪᠠ ᠠᠮᠢᠳᠤᠷᠠᠯ ᠤᠨ ᠬᠡᠷᠡᠭᠰᠡᠯ ᠢ ᠭᠠᠯᠳᠠᠵᠤ᠂ ᠴᠠᠭ ᠲᠤᠬᠠᠶ ᠳᠤᠨᠢ ᠲᠠᠷᠬᠠᠭᠠᠭᠰᠠᠨ ᠎ ᠠᠴᠠ ᠪᠣᠯᠵᠣ ᠬᠥᠮᠦᠨ ᠬᠠᠷ᠎ᠠ ᠥᠭᠦᠵᠦ ᠰᠢᠷᠬᠠᠲᠤᠭᠰᠠᠨ ᠥᠬᠡᠶ᠃      ᠴᠠᠭᠠᠨ ᠰᠠᠷ᠎ᠠ ᠣᠶᠢᠷᠠᠲᠤᠵᠤ ᠪᠠᠶᠢᠭ᠎ᠠ ᠪᠣᠯᠬᠤᠷ᠂ ᠪᠠᠭ᠎ᠠ ᠲᠣᠭᠤᠷᠢᠭ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠠᠵᠢᠯ ᠢ ᠣᠮᠲᠣᠭᠠᠶᠢᠯᠠᠵᠤ ᠪᠣᠯᠬᠤ ᠦᠭᠡᠶ᠂ ᠰᠠᠭᠤᠭᠠᠯᠢ ᠠᠷᠠᠳ ᠤᠨ ᠪᠠᠭ᠎ᠠ ᠲᠣᠭᠤᠷᠢᠭ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠨ᠂ ᠴᠠᠭᠠᠨ ᠰᠠᠷ᠎ᠠ ᠶᠢᠨ ᠬᠤᠭᠤᠴᠠᠭᠠᠨ ᠳᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠦᠢᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠨ᠂ ᠥᠷᠭᠡᠨ ᠣᠯᠠᠨ ᠠᠷᠠᠳ ᠣᠯᠠᠨ ᠤ ᠠᠮᠢ ᠨᠠᠰᠤ ᠡᠳ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠪᠠᠶᠠᠷ ᠪᠠᠶᠠᠰᠬᠤᠯᠠᠩ ᠲᠠᠢ ᠠᠮᠤᠷ ᠲᠠᠶᠢᠪᠤᠩ ᠪᠠᠶᠠᠷ ᠤᠨ ᠡᠳᠦᠷ ᠢ ᠥᠩᠭᠡᠷᠡᠭᠦᠯᠬᠦ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂  ᠴᠡᠭᠡᠯ ᠠᠭᠤᠯᠠ ᠪᠠᠯᠭᠠᠰᠤ ᠪᠣᠯᠤᠨ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠳ ᠣᠳᠣᠬᠠᠨ ᠤ ᠪᠠᠶᠠᠷ ᠤᠨ ᠡᠳᠦᠷ ᠤᠨ ᠬᠤᠭᠤᠴᠠᠭᠠᠨ ᠤ ᠠᠶᠤᠯ ᠦᠭᠡᠶ ᠦᠢᠯᠡᠳᠪᠦᠷᠢᠯᠡᠯ ᠤᠨ ᠠᠵᠢᠯ ᠤᠨ ᠬᠦᠨᠳᠦ ᠨᠣᠴᠢᠲᠠᠶ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠬᠠᠷᠢᠶ᠎ᠠ ᠣᠷᠣᠨ ᠤ ᠡᠯ᠎ᠡ ᠲᠣᠰᠬᠤᠨ᠂ ᠨᠡᠶᠢᠭᠡᠮ ᠲᠣᠭᠤᠷᠢᠭ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠠᠳᠬᠤᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠠᠵᠢᠯ ᠤᠨ ᠬᠤᠪᠢᠶᠠᠷᠢᠯᠠᠯ ᠨᠢ ᠲᠣᠳᠣᠷᠬᠠᠶ᠂ ᠬᠠᠷᠢᠭᠤᠴᠠᠯᠭ᠎ᠠ ᠶᠢ ᠬᠥᠮᠦᠨ ᠳᠤᠨᠢ ᠬᠦᠷᠦᠭᠦᠯᠬᠦ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠪᠡᠶᠡᠯᠡᠭᠦᠯᠵᠦ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ᠬᠤᠶᠠᠷ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠡᠷᠦ ᠶᠢᠨ ᠮᠡᠳᠡᠯᠭᠡ ᠶᠢ ᠤᠬᠠᠭᠤᠯᠬᠤ ᠡᠷᠴᠢᠮ ᠎ ᠢᠶᠠᠨ ᠨᠡᠮᠡᠭᠳᠡᠭᠦᠯᠬᠦ ᠬᠡᠷᠡᠭᠲᠡᠶ᠃ ᠴᠡᠭᠡᠯ ᠠᠭᠤᠯᠠ ᠪᠠᠯᠭᠠᠰᠤ ᠪᠣᠯᠤᠨ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠳ ᠠᠶᠤᠯ ᠦᠭᠡᠶ ᠪᠠᠷ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ᠂ ᠲᠣᠰᠣ ᠬᠡᠷᠡᠭᠯᠡᠬᠦ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢᠨ ᠤᠬᠠᠭᠤᠯᠭ᠎ᠠ ᠶᠢ ᠭᠦᠨᠵᠡᠭᠡᠶ ᠥᠷᠨᠢᠭᠦᠯᠵᠦ᠂ ᠸᠢᠴᠠᠲ ᠤᠨ ᠴᠤᠭᠯᠠᠷᠠᠯ᠂ ᠴᠤᠤᠷᠢᠶ᠎ᠠ ᠳᠠᠭᠤᠨ ᠨᠡᠶᠢᠯᠡᠯ ᠵᠠᠭᠤᠴᠢᠯᠠᠭᠤᠷ ᠤᠨ ᠲᠠᠪᠴᠠᠩ᠂ ᠷᠠᠳᠢᠣ ᠨᠡᠪᠲᠡᠷᠡᠭᠦᠯᠭᠡ ᠲᠧᠯᠸᠢᠰ ᠵᠡᠷᠭᠡ ᠤᠬᠠᠭᠤᠯᠭ᠎ᠠ ᠶᠢᠨ ᠠᠷᠭ᠎ᠠ ᠵᠠᠮ ᠢ ᠠᠰᠢᠭᠯᠠᠨ᠂ ᠭᠠᠯ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠎ ᠶᠢ ᠥᠷᠭᠡᠨ ᠳᠡᠯᠭᠡᠷ ᠥᠷᠨᠢᠭᠦᠯᠵᠦ᠂ ᠬᠤᠣᠷ ᠬᠥᠨᠥᠭᠡᠯ ᠢ ᠲᠣᠳᠣᠷᠬᠠᠶ ᠶᠠᠷᠢᠵᠤ᠂ ᠭᠤᠣᠯ ᠵᠦᠢᠯ ᠢ ᠲᠣᠳᠣᠷᠬᠠᠶ ᠶᠠᠷᠢᠵᠤ᠂ ᠭᠠᠯ ᠰᠡᠷᠭᠡᠶᠢᠯᠡᠬᠦ ᠶᠡᠷᠦ ᠶᠢᠨ ᠮᠡᠳᠡᠯᠭᠡ ᠪᠣᠯᠤᠨ ᠠᠮᠢ ᠵᠢᠭᠤᠲᠠᠵᠤ ᠥᠪᠡᠷ ᠢ ᠪᠠᠨ ᠠᠪᠤᠷᠠᠬᠤ ᠮᠡᠷᠭᠡᠵᠢᠯ ᠤᠨ ᠴᠢᠳᠠᠪᠤᠷᠢ ᠶᠢ ᠨᠢᠭᠡᠴᠡ ᠨᠢᠭᠡᠪᠦᠷᠢ᠂ ᠭᠡᠷ ᠪᠦᠯᠢ ᠨᠢᠭᠡᠪᠦᠷᠢ ᠳᠤ ᠳᠠᠮᠵᠢᠭᠤᠯᠤᠨ᠂ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠭᠠᠯ ᠤᠨᠲᠠᠷᠠᠭᠠᠬᠤ ᠠᠮᠤᠷ ᠲᠦᠪᠰᠢᠨ ᠢ ᠤᠬᠠᠮᠰᠠᠷ ᠠᠴᠠ ᠪᠠᠨ ᠬᠠᠮᠠᠭᠠᠯᠠᠵᠤ᠂ ᠭᠠᠯ ᠤᠨ ᠠᠶᠤᠯ ᠤᠨ ᠠᠳᠡᠯ ᠭᠠᠷᠬᠤ ᠠᠴᠠ ᠪᠦᠲᠦᠮᠵᠢᠲᠡᠶ ᠪᠠᠷ ᠵᠠᠶᠢᠯᠠᠰᠬᠢᠬᠦ ᠪᠠ ᠪᠠᠭᠠᠰᠬᠠᠬᠤ ᠬᠡᠷᠡᠭᠲᠡᠶ᠃ ᠰᠠᠭᠤᠭᠠᠯᠢ ᠠᠷᠠᠳ ᠎ ᠤᠨ ᠣᠷᠣᠨ ᠰᠠᠭᠤᠴᠠ ᠶᠢᠨ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠨᠢᠭᠡᠴᠡ ᠶᠢ ᠭᠦᠶᠴᠡᠳ ᠳᠠᠶᠢᠴᠢᠯᠠᠨ ᠴᠠᠭᠠᠨ ᠰᠠᠷ᠎ᠠ ᠠᠴᠠ ᠡᠮᠦᠨ᠎ᠡ ᠭᠠᠯ ᠤᠨᠲᠠᠷᠠᠭᠠᠬᠤ ᠪᠠ ᠠᠮᠢ ᠵᠢᠭᠤᠲᠠᠵᠤ ᠥᠪᠡᠷ ᠢ ᠪᠠᠨ ᠠᠪᠤᠷᠬᠠᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠪᠠ ᠪᠠᠴᠢᠮ ᠠᠮᠢ ᠵᠢᠭᠤᠲᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃      ᠭᠤᠷᠪᠠ᠂ ᠪᠠᠭ᠎ᠠ ᠲᠣᠭᠤᠷᠢᠭ ᠤᠨ ᠳᠣᠲᠣᠷᠠᠬᠢ ᠭᠠᠯ ᠤᠨᠲᠠᠷᠠᠭᠠᠬᠤ ᠨᠡᠪᠳᠡᠷᠡᠯ ᠵᠠᠮ ᠤᠨ ᠬᠠᠮᠢᠶᠠᠷᠤᠯᠲᠠ ᠶᠢ ᠴᠢᠩᠭᠠᠳᠬᠠᠨ᠂ ᠭᠠᠯ ᠤᠨᠲᠠᠷᠠᠭᠠᠬᠤ ᠨᠡᠪᠳᠡᠷᠡᠯ ᠵᠠᠮ  ᠎ ᠢ ᠳᠤᠷ᠎ᠠ ᠪᠠᠷ ᠢᠶᠠᠨ ᠡᠵᠡᠯᠡᠨ ᠬᠡᠷᠡᠭᠯᠡᠬᠦ ᠪᠠ ᠬᠠᠰᠢᠵᠤ ᠪᠥᠭᠯᠡᠬᠦ ᠥᠭᠡᠢ ᠪᠠᠶᠢᠬᠤ ᠶᠢ ᠦᠨᠡᠨᠬᠦ ᠪᠠᠲᠤᠯᠠᠵᠤ᠂ ᠲᠠᠷᠬᠠᠭᠠᠨ ᠶᠠᠪᠤᠭᠤᠯᠬᠤ ᠨᠡᠪᠳᠡᠷᠡᠯ ᠵᠠᠮ᠂ ᠠᠮᠤᠷ ᠲᠦᠪᠰᠢᠨ ᠭᠠᠷᠬᠤ ᠵᠠᠮ᠂ ᠭᠠᠯ ᠤᠨᠲᠠᠷᠠᠭᠠᠬᠤ ᠨᠡᠪᠳᠡᠷᠡᠯ ᠤᠨ ᠰᠠᠭᠠᠳ ᠥᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ︔ ᠬᠤᠸᠠᠷ ᠫᠤᠤᠵᠢᠩ ᠲᠠᠯᠪᠢᠬᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠬᠤᠸᠠᠷ ᠫᠤᠤᠵᠢᠩ ᠲᠠᠯᠪᠢᠬᠤ ᠶᠢ ᠴᠢᠩᠭ᠎ᠠ ᠴᠠᠭᠠᠵᠠᠯᠠᠨ᠎ᠠ︔ ᠮᠠᠰᠢᠨᠲᠤ ᠲᠡᠷᠭᠡ ᠪᠣᠯᠤᠨ ᠮᠠᠰᠢᠨᠲᠤ ᠪᠤᠰᠤ ᠲᠡᠷᠭᠡ ᠶᠢ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠴᠠᠬᠢᠯᠭᠠᠨ ᠬᠤᠷᠢᠶᠠᠭᠤᠷ ᠲᠡᠷᠭᠡᠨ ᠳᠤ ᠴᠠᠬᠢᠯᠭᠠᠨ ᠴᠡᠨᠡᠭᠯᠡᠬᠦ ᠳᠡᠭᠡᠨ ᠨᠢᠭᠡᠳᠦᠯᠲᠡᠶ ᠤᠲᠠᠰᠤ ᠪᠠᠶᠢᠷᠢᠯᠠᠭᠤᠯᠬᠤ᠂ ᠴᠠᠭ ᠲᠣᠭᠲᠠᠭᠠᠨ ᠴᠠᠬᠢᠯᠭᠠᠨ ᠴᠡᠨᠡᠭᠯᠡᠬᠦ᠂ ᠦᠷᠭᠦᠯᠵᠢ ᠪᠠᠶᠢᠴᠠᠭᠠᠬᠤ ᠬᠡᠷᠡᠭᠲᠡᠶ︔ ᠭᠠᠯ ᠤᠨ ᠠᠶᠤᠯ ᠤᠨ ᠲᠦᠭᠰᠢᠭᠦᠷᠢ ᠶᠢᠨ ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠲᠤᠰ ᠬᠠᠷᠢᠶ᠎ᠠ ᠣᠷᠣᠨ ᠤ ᠪᠠᠨ ᠳᠣᠲᠣᠷᠠᠬᠢ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠎ ᠳᠤᠨᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃      ᠳᠥᠷᠪᠡ᠂  ᠴᠡᠭᠡᠯ ᠠᠭᠤᠯᠠ ᠪᠠᠯᠭᠠᠰᠤ ᠪᠣᠯᠤᠨ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠳ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠳᠠᠯ ᠠᠬᠤᠶ ᠎ ᠶᠢᠨ ᠦᠢᠯᠡᠴᠢᠯᠡᠭᠡᠨ ᠤ ᠡᠯ᠎ᠡ ᠠᠵᠤ ᠠᠬᠤᠶᠢᠯᠠᠯ᠂ ᠣᠷᠣᠨ ᠰᠠᠭᠤᠴᠠ ᠶᠢᠨ ᠵᠢᠵᠢᠭ ᠲᠣᠭᠤᠷᠢᠭ ᠲᠤ ᠵᠢᠵᠢᠭᠦᠷᠯᠡᠬᠦ ᠳᠦᠷᠢᠮ ᠢ ᠲᠣᠭᠲᠠᠭᠠᠨ ᠨᠠᠶᠢᠳᠠᠪᠤᠷᠢᠵᠢᠭᠤᠯᠬᠤ ᠶᠢ ᠱᠠᠭᠠᠷᠳᠠᠵᠤ᠂ ᠵᠢᠵᠢᠭ ᠲᠣᠭᠤᠷᠢᠭ ᠤᠨ ᠠᠶᠤᠯ ᠦᠭᠡᠶ ᠶᠢᠨ ᠬᠠᠮᠢᠶᠠᠷᠤᠯᠲᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠬᠤ ᠪᠤᠶᠤ ᠲᠡᠭᠦᠯᠳᠡᠷᠵᠢᠭᠦᠯᠵᠦ ᠂ ᠪᠠᠴᠢᠮ ᠪᠠᠶᠢᠳᠠᠯ ᠢ ᠠᠷᠭᠠᠴᠠᠬᠤ ᠨᠥᠬᠦᠴᠡᠯ ᠳᠣᠣᠷ᠎ᠠ ᠠᠵᠢᠯ ᠢ ᠪᠣᠳᠠᠲᠠᠶᠢᠵᠢᠭᠤᠯᠬᠤ᠂ ᠠᠵᠢᠯᠲᠠᠨ ᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠷᠢᠭᠤᠴᠠᠯᠭᠠᠲᠠᠨ ᠤ ᠠᠵᠢᠯ ᠤᠨ ᠪᠠᠶᠢᠷᠢ ᠳᠤ ᠭᠠᠷᠴᠤ ᠡᠭᠡᠯᠵᠢ ᠳᠠᠭᠠᠭᠤᠯᠬᠤ ᠳᠦᠷᠢᠮ᠂ ᠵᠠᠩᠭᠢᠯᠠᠭ᠎ᠠ ᠶᠢᠨ ᠠᠵᠢᠯ ᠎ ᠤᠨ ᠪᠠᠶᠢᠷᠢ ᠳᠤ 24 ᠴᠠᠭ ᠢᠶᠠᠷ ᠠᠶᠤᠯ ᠦᠭᠡᠶ ᠶᠢᠨ ᠵᠢᠵᠢᠭᠦᠷᠯᠡᠬᠦ ᠳᠦᠷᠢᠮ ᠪᠣᠯᠤᠨ ᠠᠳᠡᠯ ᠢ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠴᠢᠮᠡᠭᠡ ᠨᠡᠪᠲᠡᠷᠡᠯᠭᠡ ᠶᠢᠨ ᠰᠠᠭᠠᠳ ᠦᠭᠡᠶ ᠨᠡᠪᠲᠡᠷᠡᠬᠦ ᠶᠢ ᠦᠨᠡᠨᠬᠦ ᠪᠠᠲᠤᠯᠠᠨ᠂ ᠠᠳᠡᠯ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠶᠢ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠠᠶᠤᠯ ᠦᠭᠡᠶ ᠪᠠ ᠭᠡᠨᠡᠳᠲᠡ ᠶᠢᠨ ᠬᠡᠷᠡᠭ ᠭᠠᠷᠪᠠᠯ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢᠶᠠᠨ ᠴᠠᠭ ᠲᠤᠬᠠᠶ ᠳᠤᠨᠢ ᠡᠬᠢᠯᠡᠭᠦᠯᠬᠦ ᠶᠢᠨ ᠬᠠᠮᠲᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠳᠠᠷᠤᠶᠢᠬᠠᠨ ᠮᠡᠳᠡᠭᠦᠯᠬᠦ ᠬᠡᠷᠡᠭᠲᠡᠶ᠃                                         ᠣᠨᠴᠠᠭᠠᠶᠢᠯᠠᠨ ᠮᠡᠳᠡᠭᠳᠡᠪᠡ                       2021 ᠣᠨ ᠤ 2 ᠳ᠋ᠤᠭᠠᠷ ᠰᠠᠷ᠎ᠠ ᠶᠢᠨ 9᠎ ᠤ ᠡᠳᠦᠷᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠬᠠᠶᠢᠢᠷᠤᠪ ᠤᠨ ᠲᠣᠬᠤᠢ ᠲᠣᠭᠤᠷᠢᠭ ᠤᠨ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ    ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠬᠠᠶᠢᠢᠷᠤᠪ ᠤᠨ ᠲᠣᠬᠤᠢ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ( 2021 ᠣᠨ ᠤ 1 ᠰᠠᠷ᠎ᠠ ᠶᠢᠨ 14 ᠎ ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠢᠷᠤᠪ ᠤᠨ ᠲᠤᠬᠤᠢ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠦᠬᠦᠳᠡ ᠬᠤᠷᠠᠯ ᠠᠴᠠ ᠪᠠᠲᠤᠯᠠᠪᠠ )᠃    ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠢᠷᠤᠪ ᠤᠨ ᠲᠤᠬᠤᠢ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠦᠬᠦᠳᠡ ᠬᠤᠷᠠᠯ 2021 ᠣᠨ ᠤ 1 ᠰᠠᠷ᠎ᠠ ᠶᠢᠨ 14 ᠎ ᠤ ᠡᠳᠦᠷ ᠬᠤᠷᠠᠯᠳᠤᠪᠠ᠃     ᠡᠨᠡ ᠤᠳᠠᠭᠠᠨ ᠤ ᠪᠦᠭᠦᠳᠡ ᠬᠤᠷᠠᠯ ᠳᠤ᠂  ᠲᠤᠭᠤᠷᠢᠭ ᠤᠨ ᠨᠠᠮ ᠤᠨ ᠬᠤᠷᠢᠶᠠᠨ ᠤ ᠭᠡᠰᠢᠭᠦᠨ 31 ᠬᠥᠮᠦᠨ ᠣᠷᠣᠯᠴᠠᠪᠠ᠃  ᠲᠤᠭᠤᠷᠢᠭ ‍ᠤᠨ‌‍ᠲ᠋ᠡᠰ ᠤᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂  ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠪᠣᠯᠤᠨ ᠬᠡᠰᠡᠭ ᠦᠨᠳᠦᠰᠦᠨ ᠱᠠᠲᠤᠨ ᠤ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠬᠤᠷᠠᠯ ᠳᠤ ᠰᠤᠯᠠ ᠣᠷᠣᠯᠴᠠᠪᠠ᠃    ᠪᠦᠬᠦᠳᠡ ᠬᠤᠷᠠᠯ ᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠭ ᠡᠷᠬᠢᠯᠡᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ ᠶᠠᠷᠢᠶ᠎ᠠ ᠲᠠᠯᠪᠢᠪᠠ᠃      ᠪᠦᠬᠦᠳᠡ ᠬᠤᠷᠠᠯ ᠠᠴᠠ ᠴᠢ ᠹᠸᠢ ᠶᠦᠨ ᠤ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠬᠢᠭᠰᠡᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 《 ᠬᠠᠶᠢᠢᠷᠤᠪ ᠤᠨ ᠲᠤᠬᠤᠢ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠢ ᠰᠠᠨᠠᠭᠤᠯᠭ᠎ᠠ 》᠎ ᠶᠢ ᠬᠢᠨᠠᠨ ᠵᠥᠪᠯᠡᠵᠦ ᠪᠠᠲᠤᠯᠠᠨ᠂ ᠴᠢ ᠹᠸᠢ ᠶᠦᠨ 《 ᠰᠠᠨᠠᠭᠤᠯᠭ᠎ᠠ ( ᠶᠠᠷᠢᠯᠴᠠᠬᠤ ᠨᠤᠤᠷᠠᠭ )  ᠎ ᠶᠢᠨ ᠲᠤᠬᠠᠢ ᠪᠦᠬᠦᠳᠡ ᠬᠤᠷᠠᠯ ᠳᠤ ᠲᠣᠳᠣᠷᠬᠠᠶᠢᠯᠠᠯᠲᠠ ᠬᠢᠵᠦ᠂ 2021 ᠣᠨ ᠤ ᠪᠦᠬᠦ  ᠲᠤᠭᠤᠷᠢᠭ ᠤᠨ ᠠᠵᠢᠯ ᠤᠨ ᠰᠡᠳᠬᠢᠴᠡ ᠶᠢ ᠳᠤᠷᠠᠳᠴᠤ᠂ ᠠᠵᠢᠯ ᠤᠨ ᠡᠭᠦᠷᠭᠡ ᠶᠢ ᠪᠠᠶᠢᠷᠢᠯᠠᠭᠤᠯᠪᠠ᠃    ᠪᠥᠬᠦᠳᠡ ᠬᠤᠷᠠᠯ ᠠᠴᠠ ᠨᠢᠭᠡ ᠵᠢᠯ ᠤᠨ ᠲᠤᠷᠰᠢᠬᠢ  ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠢ ᠭᠦᠢᠴᠡᠳ ᠨᠤᠲᠠᠯᠠᠪᠠ᠃ ᠰᠠᠨᠠᠯ ᠨᠢᠭᠡᠲᠡᠶ ᠦᠵᠡᠭᠰᠡᠨ ᠨᠢ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠭᠠᠳᠠᠭᠠᠳᠤ ᠣᠷᠴᠢᠨ ᠲᠣᠭᠤᠷᠢᠨ ᠪᠠ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠬᠠᠲᠠᠭᠤ ᠪᠡᠷᠬᠡ ᠬᠦᠨᠳᠦ ᠡᠭᠦᠷᠭᠡ ᠶᠢᠨ ᠡᠮᠦᠨ᠎ᠡ᠂ ᠢᠯᠠᠩᠭᠤᠶ᠎ᠠ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠳᠠᠭᠠᠷᠢᠯᠲᠠ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠤᠡᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠲᠤᠭᠤᠷᠢᠭ ᠤᠨ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾᠎ ᠶᠢᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠦᠴᠦᠯᠡᠨ ᠡᠰᠡᠷᠭᠦᠴᠡᠵᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠳᠦᠷᠢᠮ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠬᠡᠷᠡᠭᠵᠢᠭᠦᠯᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠲᠤᠰᠬᠠᠶ ᠠᠵᠢᠯᠯᠠᠭ᠎ᠠ ᠶᠢ ᠭᠦᠨᠵᠡᠭᠡᠶᠢᠷᠡᠭᠦᠯᠬᠦ ᠵᠡᠷᠭᠡ ᠲᠤᠰᠬᠠᠶ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠠᠵᠢᠯ ᠢ ᠦᠨᠡᠨᠬᠦ ᠴᠢᠩᠭᠠᠳᠬᠠᠵᠤ᠂ ᠡᠷᠡᠰ ᠭᠤᠶᠢᠪᠢᠰᠢ ᠦᠭᠡᠢ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠤ᠂ ᠡᠯ᠎ᠡ ᠵᠦᠢᠯ ᠤᠨ ᠦᠢᠯᠡᠰ ᠰᠢᠨ᠎ᠡ ᠠᠬᠢᠴᠠ ᠲᠠᠢ ᠪᠣᠯᠪᠠ᠃      ᠪᠦᠬᠦᠳᠡ ᠬᠤᠷᠠᠯ ᠠᠴᠠ ᠪᠦᠬᠦ ᠲᠤᠭᠤᠷᠢᠭ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠰᠢᠢᠳᠪᠦᠷᠢᠲᠦ ᠴᠢᠨᠠᠷᠲᠠᠢ ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ ᠢᠯᠡᠳᠲᠡ ᠳᠡᠭᠡᠭᠰᠢᠯᠡᠵᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠴᠢᠬᠤᠯᠠ ᠦᠷ᠎ᠡ ᠪᠦᠲᠦᠭᠡᠯ ᠣᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠦᠷᠭᠦᠯᠵᠢᠯᠡᠨ ᠨᠡᠮᠡᠭᠳᠡᠵᠦ᠂ ᠬᠤᠳᠠ ᠶᠢᠨ ᠴᠢᠳᠠᠪᠬᠢ ᠨᠡᠩ ᠲᠡᠭᠦᠯᠳᠡᠷᠵᠢᠵᠦ᠂ ᠥᠭᠡᠷᠡᠴᠢᠯᠡᠯᠲᠡ ᠨᠡᠬᠡᠬᠡᠯᠳᠡ ᠶᠢᠨ ᠤᠯᠠᠨ ᠲᠠᠯ᠎ᠠ ᠳᠤ ᠰᠢᠪᠲᠤᠯᠤᠯᠲᠠ ᠭᠠᠷᠭᠠᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ ᠲᠣᠭᠲᠠᠭᠤᠨ ᠪᠠᠶᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠬᠠᠶᠢᠷᠤᠪ ᠤᠨ ᠲᠤᠬᠤᠢ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃    ᠪᠦᠬᠦᠳᠡ ᠬᠤᠷᠠᠯ ᠠᠴᠠ ᠰᠢᠨ᠎ᠡ ᠬᠥᠭᠵᠢᠯᠲᠡ ᠶᠢᠨ ᠱᠠᠲᠤᠨ ᠳᠤ ᠲᠤᠯᠭᠠᠷᠠᠵᠤ ᠪᠠᠶᠢᠭ᠎ᠠ ᠰᠢᠨ᠎ᠡ ᠠᠵᠠ ᠲᠣᠬᠢᠶᠠᠯ ᠰᠢᠨ᠎ᠡ ᠥᠷᠢᠰᠥᠯᠳᠦᠭᠡᠨ ᠢ ᠭᠦᠨᠵᠡᠭᠡᠢ ᠵᠠᠳᠠᠯᠵᠤ᠂ ᠬᠠᠶᠢᠷᠤᠪ ᠤᠨ ᠲᠤᠬᠤᠢ ᠲᠤᠭᠤᠷᠢᠭ ᠤᠨ ᠬᠥᠭᠵᠢᠯᠲᠡ ᠮᠥᠨ ᠬᠦ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠵᠤ ᠪᠠᠶᠢᠨ᠎ᠠ ᠭᠡᠵᠦ ᠦᠵᠡᠪᠡ᠃ ᠡᠭᠦᠨ ᠤ ᠬᠠᠮᠲᠤ᠂ ᠮᠠᠨ ᠤ ᠲᠤᠭᠤᠷᠢᠭ ᠤᠨ ᠶᠡᠷᠦᠩᠬᠡᠶᠢᠯᠡᠭᠰᠡᠨ ᠬᠥᠭᠵᠢᠯᠲᠡ ᠶᠢᠨ ᠬᠢᠷᠢ ᠲᠦᠪᠰᠢᠨ ᠪᠠᠰᠠ ᠰᠢᠨ᠎ᠡ ᠬᠥᠭᠵᠢᠯᠲᠡ ᠶᠢᠨ ᠱᠠᠲᠤ ᠦᠶ᠎ᠡ ᠶᠢᠨ ᠱᠠᠭᠠᠷᠳᠠᠯᠭ᠎ᠠ ᠳᠤ ᠵᠣᠬᠢᠴᠠᠬᠤ ᠥᠬᠡᠶ ᠪᠠᠶᠢᠵᠤ᠂ ᠠᠵᠤ ᠤᠶᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠡᠭᠦᠷᠭᠡ ᠬᠠᠲᠠᠭᠤ ᠪᠡᠷᠬᠡ᠂ ᠡᠬᠢ ᠪᠠᠶᠠᠯᠢᠭ ᠤᠨ ᠬᠦᠴᠦᠨ ᠵᠤᠶᠢᠯ ᠤᠨ ᠳᠡᠮᠵᠢᠯᠭᠡ ᠬᠦᠷᠦᠯᠴᠡᠬᠦ ᠥᠬᠡᠶ᠂ ᠣᠯᠠᠨ ᠨᠡᠶᠢᠲᠡ ᠶᠢᠨ ᠤᠶᠢᠯᠡᠴᠢᠯᠡᠭᠡ ᠮᠥᠨ ᠬᠦ  ᠭᠦᠢᠴᠠᠤᠡ ᠥᠬᠡᠶ᠂ ᠠᠮᠢ ᠠᠬᠤᠶ ᠶᠢᠨ ᠣᠷᠴᠢᠨ ᠲᠣᠭᠤᠷᠢᠨ ᠪᠠᠰᠠ ᠮᠠᠰᠢ ᠬᠡᠪᠡᠷᠡᠭ ᠪᠠᠶᠢᠵᠤ᠂ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠡᠭᠦᠷᠭᠡ ᠬᠦᠨᠳᠦ ᠵᠠᠮ ᠬᠤᠯᠠ ᠪᠠᠶᠢᠨ᠎ᠠ᠃         ᠪᠥᠬᠦᠳᠡ ᠬᠤᠷᠠᠯ ᠠᠴᠠ 2035 ᠣᠨ ᠤ ᠠᠯᠤᠰ ᠤᠨ ᠬᠠᠷᠠᠯᠲᠠ ᠶᠢ ᠳᠤᠷᠠᠳᠪᠠ᠄ ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ ᠢ ᠶᠡᠭᠡ ᠪᠠᠷ ᠳᠡᠭᠡᠭᠰᠢᠯᠡᠭᠦᠯᠵᠦ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠣᠷᠣᠯᠭ᠎ᠠ ᠶᠢ ᠳᠠᠬᠢᠨᠲᠠ ᠰᠢᠨ᠎ᠡ ᠶᠡᠭᠡ ᠳᠡᠭᠲᠡᠷ ᠲᠤ ᠭᠠᠷᠭᠠᠨ᠎ᠠ᠃ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠳᠠᠲᠤ ᠬᠦᠴᠦᠨ ᠲᠠᠰᠤᠷᠠᠯᠲᠠ ᠦᠭᠡᠢ ᠴᠢᠩᠭᠠᠷᠠᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠲᠠ ᠪᠠᠯᠭᠠᠰᠤᠵᠢᠯᠲᠠ ᠂ ᠲᠠᠷᠢᠶᠠᠯᠠᠩ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠲᠦᠪᠰᠢᠨ ᠢ ᠶᠡᠬᠡᠪᠡᠷ ᠳᠡᠭᠡᠭᠰᠢᠯᠡᠭᠦᠯᠦᠨ᠎ᠡ᠃ ᠬᠤᠳᠠ ᠶᠢᠨ ᠬᠡᠪᠴᠢᠶᠡᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠤᠨ ᠪᠠᠶᠢᠳᠠᠯ ᠢ ᠦᠷᠭᠦᠯᠵᠢᠯᠡᠨ ᠪᠠᠬᠢᠵᠢᠭᠦᠯᠵᠦ᠂ ᠬᠠᠤᠯᠢᠵᠢᠯ ᠤᠨ ᠬᠠᠶᠢᠷᠤᠪ ᠤᠨ ᠲᠤᠬᠤᠢ᠂ ᠠᠮᠤᠷ ᠠᠮᠤᠭᠤᠯᠠᠩ ᠬᠠᠶᠢᠷᠤᠪ ᠤᠨ ᠲᠤᠬᠤᠢ ᠶᠢᠨ ᠪᠦᠳᠦᠭᠡᠨ ᠪᠠᠶᠢᠭᠤᠯᠤᠯᠲᠠ ᠶᠢ ᠨᠡᠩ ᠥᠨᠳᠥᠷ ᠲᠦᠪᠰᠢᠨ ᠳᠤ ᠬᠦᠷᠭᠡᠨ᠎ᠡ᠃ ᠰᠣᠶᠣᠯ ᠤᠨ ᠵᠥᠭᠡᠯᠡᠨ ᠪᠣᠳᠠᠲᠤ ᠬᠦᠴᠦᠨ ᠢ ᠢᠯᠡᠳᠲᠡ ᠴᠢᠩᠭᠠᠷᠠᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠡᠪ ᠴᠢᠨᠠᠷ ᠪᠠ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠰᠢᠨ᠎ᠡ ᠳᠡᠭᠡᠳᠦ ᠬᠡᠮᠵᠢᠶᠡᠨ ᠳᠤ ᠬᠦᠷᠦᠭᠦᠯᠦᠨ᠎ᠡ᠃ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ᠂ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠨᠡᠶᠢᠳᠡᠮ ᠳᠤᠨᠢ ᠪᠠᠶᠢᠭᠤᠯᠪᠠ᠃ᠣᠷᠣᠨ ᠪᠦᠰᠡ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠭᠠᠳᠠᠭᠰᠢ ᠨᠡᠭᠡᠭᠡᠯᠳᠡ ᠬᠢᠬᠦ ᠰᠢᠨ᠎ᠡ ᠪᠠᠶᠢᠷᠢᠰᠢᠯ ᠢ ᠪᠦᠬᠦ ᠲᠠᠯ᠎ᠠ ᠪᠠᠷ ᠪᠦᠷᠢᠯᠳᠦᠭᠦᠯᠦᠨ᠎ᠡ᠃ ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠲᠡᠭ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠵᠤ᠂ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠵᠥᠷᠢᠶ᠎ᠡ ᠪᠠ ᠰᠠᠭᠤᠭᠠᠯᠢ ᠠᠷᠠᠳ ᠤᠨ ᠠᠮᠢᠳᠤᠷᠠᠯ ᠤᠨ ᠲᠦᠪᠰᠢᠨ ᠤ ᠵᠥᠷᠢᠶ᠎ᠡ ᠶᠢ ᠢᠯᠡᠳᠲᠡ ᠪᠠᠭᠠᠰᠬᠠᠵᠤ᠂ ᠳᠤᠮᠳᠠ ᠵᠡᠷᠭᠡ ᠶᠢᠨ ᠣᠷᠣᠯᠭ᠎ᠠ ᠲᠠᠢ ᠬᠠᠮᠲᠤᠯᠢᠭ ᠢ ᠢᠯᠡᠳᠲᠡ ᠥᠷᠭᠡᠳᠬᠡᠵᠦ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ᠂ ᠠᠷᠠᠳ ᠲᠦᠮᠡᠨ ᠤ ᠬᠠᠮᠲᠤ ᠶᠢᠨ ᠴᠢᠨᠡᠭᠡᠯᠢᠭᠵᠢᠯ ᠢ ᠨᠡᠩ ᠢᠯᠡᠷᠬᠡᠶ ᠮᠥᠨ ᠴᠢᠨᠠᠷ ᠤᠨ ᠠᠬᠢᠯᠲᠠ ᠲᠠᠢ ᠪᠣᠯᠭᠠᠨ᠎ᠠ᠃      ᠪᠥᠬᠦᠳᠡ ᠬᠤᠷᠠᠯ ᠠᠴᠠ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠠᠬᠢ ᠪᠦᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ ᠶᠢ ᠳᠤᠷᠠᠳᠴᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠰᠢ ᠶᠢᠨ ᠫᠢᠩ ᠯᠧᠨᠢᠨ ᠤ ᠦᠵᠡᠯ᠂ ᠮᠠᠤ ᠽᠤ᠋ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠮᠠᠷᠺᠰ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠰᠢᠰᠲ᠋ᠧᠮᠲᠦ ᠦᠵᠡᠯᠲᠡ ᠪᠠᠨ ᠪᠠᠷᠢᠮᠲᠠᠯᠠᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠵᠠᠮᠨᠠᠵᠤ᠂ ᠥᠪᠡᠷᠲᠡᠭᠡᠨ ᠵᠠᠰᠠᠬᠤ ᠤᠷᠤᠨ ᠤ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾᠎ ᠳᠤ ᠤᠶᠢᠯᠡᠴᠢᠯᠡᠬᠦ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠪᠥᠬᠦ ᠬᠤᠲᠠ ᠶᠢᠨ ᠠᠮᠢ ᠠᠬᠤᠶ ᠶᠢᠨ ᠶᠠᠰᠤ ᠴᠢᠨᠠᠷ ᠨᠠᠩ ᠥᠨᠳᠥᠷ᠂ ᠬᠡᠯᠪᠡᠷᠢ ᠪᠠᠨ ᠬᠤᠪᠢᠷᠠᠭᠤᠯᠬᠤ ᠠᠯᠬᠤᠴᠠ ᠨᠠᠩ ᠲᠦᠷᠭᠡᠨ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠨᠠᠩ ᠲᠡᠭᠦᠯᠳᠡᠷ᠂ ᠬᠤᠲᠠ ᠶᠢᠨ ᠴᠢᠳᠠᠮᠵᠢ ᠨᠠᠩ ᠴᠢᠩᠭ᠎ᠠ᠂ ᠠᠮᠢᠳᠤᠷᠠᠯ ᠤᠨ ᠶᠠᠰᠤ ᠴᠢᠨᠠᠷ ᠨᠠᠩ ᠰᠢᠯᠢᠳᠡᠭ ᠬᠥᠭᠵᠢᠯᠲᠡ ᠶᠢᠨ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠳᠠᠭᠠᠵᠤ᠂ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠦᠢᠯᠡᠴᠢᠯᠡᠭᠡ ᠶᠢ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠵᠤ᠂ ᠡᠯ᠎ᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠵᠤ᠂ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠠᠮᠢ ᠠᠬᠤᠢ ᠶᠢᠨ ᠶᠠᠰᠤ ᠴᠢᠨᠠᠷ ᠢ ᠰᠢᠨ᠎ᠡ ᠦᠨᠳᠦᠷᠴᠡ ᠳᠤ ᠬᠦᠷᠭᠡᠬᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠬᠤ᠂ ᠬᠤᠳᠠ ᠬᠥᠳᠡᠭᠡ ᠶᠢᠨ ᠠᠭᠤᠰᠤᠯᠴᠠᠯ ᠢ ᠰᠢᠨ᠎ᠡ ᠳᠡᠭᠲᠡᠷ ᠲᠤ ᠭᠠᠷᠭᠠᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠨ᠎ᠡ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠢᠨ᠎ᠡ ᠲᠦᠪᠰᠢᠨ ᠳᠤ ᠬᠦᠷᠭᠡᠬᠦ ᠶᠢ ᠴᠢᠷᠮᠠᠶᠢᠨ ᠪᠡᠶᠡᠯᠡᠭᠦᠯᠵᠦ᠂ ᠡᠭᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠳᠦᠭᠡᠨ ᠪᠠᠶᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠬᠠᠶᠢᠷᠤᠪ ᠤᠨ  ᠲᠤᠬᠤᠢ ᠲᠤᠭᠤᠷᠢᠭ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃    ᠪᠥᠬᠦᠳᠡ ᠬᠤᠷᠠᠯ ᠠᠴᠠ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠦᠬᠦ  ᠲᠤᠭᠤᠷᠢᠭ ‍ᠤᠨ‌ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢ ᠳᠤᠷᠠᠳᠪᠠ᠄ ᠠᠮᠢ ᠠᠬᠤᠶ ᠶᠢᠨ ᠶᠠᠰᠤ ᠴᠢᠨᠠᠷ ᠰᠢᠨ᠎ᠡ ᠦᠨᠳᠦᠷᠴᠡ ᠳᠤ ᠬᠦᠷᠴᠦ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠵᠦ᠂ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠤᠨ ᠪᠣᠬᠢᠷᠲᠤᠯ ᠦᠭᠡᠶ ᠪᠠᠷ ᠬᠡᠯᠪᠡᠷᠢ ᠪᠠᠨ ᠬᠤᠪᠢᠷᠠᠭᠤᠯᠬᠤ ᠦᠷ᠎ᠡ ᠠᠮᠢ ᠠᠬᠤᠶ ᠶᠢᠨ ᠪᠣᠯᠪᠠᠰᠤᠨ ᠤ ᠳᠦᠷᠢᠮ ᠤᠨ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠡᠨᠧᠷᠭᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠡᠩ ᠵᠣᠬᠢᠰᠲᠠᠶ ᠪᠣᠯᠭᠠᠵᠤ᠂ ᠡᠷᠭᠢᠯᠳᠦᠭᠦᠯᠦᠨ ᠠᠰᠢᠭᠯᠠᠬᠤ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠣᠬᠢᠷᠲᠤᠯ ᠢ ᠵᠠᠰᠠᠬᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠭᠤᠣᠯ ᠪᠣᠯᠬᠤ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠦᠷᠭᠦᠯᠵᠢᠯᠡᠨ ᠪᠠᠭᠠᠰᠬᠠᠵᠤ᠂ ᠠᠮᠢ ᠠᠬᠤᠶ ᠶᠢᠨ ᠣᠷᠴᠢᠨ ᠨᠥᠬᠦᠴᠡᠯ ᠤᠨ ᠲᠤᠪᠤᠶᠢᠮ᠎ᠠ ᠠᠰᠠᠭᠤᠳᠠᠯ ᠢ ᠪᠦᠲᠦᠮᠵᠢᠲᠡᠶ ᠪᠠᠷ  ᠰᠢᠢᠤᠡᠪᠤᠷᠢᠯᠡᠵᠤ᠂ ᠠᠭᠤᠯᠠ ᠤᠰᠤ ᠤᠢ ᠰᠢᠭᠤᠶ ᠲᠠᠷᠢᠶᠠᠨ ᠭᠠᠵᠠᠷ ᠨᠠᠭᠤᠷ ᠨᠠᠭᠤᠷ ᠡᠪᠡᠰᠦ ᠡᠯᠡᠰᠦᠨ ᠤ ᠠᠮᠢ ᠠᠬᠤᠶ ᠶᠢᠨ ᠰᠢᠰᠲ᠋ᠧᠮ ᠢ ᠵᠠᠰᠠᠬᠤ ᠪᠠ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠬᠠᠶᠢᠷᠤᠪ ᠤᠨ ᠲᠤᠬᠤᠢ᠂ ᠠᠮᠢ ᠠᠬᠤᠶ ᠶᠢᠨ ᠬᠠᠶᠢᠷᠤᠪ ᠤᠨ ᠲᠤᠬᠤᠢ ᠲᠤᠭᠤᠷᠢᠭ ᠤᠨ ᠪᠦᠳᠦᠭᠡᠨ ᠪᠠᠶᠢᠭᠤᠯᠤᠯᠲᠠ ᠴᠢᠬᠤᠯᠠ ᠶᠡᠭᠡ ᠦᠷ᠎ᠡ ᠪᠦᠲᠦᠭᠡᠯ ᠤᠯᠪᠠ᠃ ᠠᠵᠤ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠲᠠ ᠰᠢᠨ᠎ᠡ ᠦᠷ᠎ᠡ ᠪᠦᠲᠦᠮᠵᠢ ᠣᠯᠵᠤ᠂ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠦᠷᠭᠦᠯᠵᠢᠯᠡᠨ ᠴᠢᠩᠭᠠᠷᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠲᠠᠰᠤᠷᠠᠯᠲᠠ ᠦᠭᠡᠶ ᠳᠡᠭᠡᠭᠰᠢᠯᠡᠵᠦ᠂ ᠠᠵᠤ ᠦᠢᠯᠡᠰ ᠤᠨ ᠰᠠᠭᠤᠷᠢ ᠶᠢ ᠳᠡᠭᠡᠳᠦ ᠳᠡᠰ ᠪᠣᠯᠭᠠᠨ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢ ᠬᠦᠴᠦᠲᠡᠶ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠬᠢᠶ᠎ᠡ ᠲᠠᠰᠤᠷᠠᠯᠲᠠ ᠦᠭᠡᠶ ᠥᠷᠭᠡᠳᠴᠦ᠂ ᠦᠢᠯᠡᠳᠬᠦᠨ ᠤ ᠨᠡᠮᠡᠯᠲᠡ ᠥᠷᠲᠡᠭ ᠢᠯᠡᠳᠲᠡ ᠳᠡᠭᠡᠭᠰᠢᠯᠡᠵᠦ᠂ ᠭᠤᠣᠯᠯᠠᠬᠤ ᠠᠵᠤ ᠦᠢᠯᠡᠰ ᠤᠨ ᠪᠥᠭᠡᠮᠨᠡᠷᠡᠯ ᠢ ᠲᠦᠷᠭᠡᠪᠴᠢᠯᠡᠨ ᠠᠬᠢᠭᠤᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠡᠪᠴᠢᠶ᠎ᠡ ᠶᠢ ᠪᠦᠲᠦᠮᠵᠢᠲᠡᠶ ᠪᠠᠷ ᠥᠷᠭᠡᠳᠬᠡᠵᠦ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠨ ᠬᠥᠭᠵᠢᠭᠦᠯᠵᠦ᠂ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ᠲᠤᠭᠠᠵᠢᠭᠤᠯᠤᠭᠰᠠᠨ ᠠᠵᠤ ᠠᠬᠤᠶ ᠪᠣᠯᠤᠨ ᠪᠣᠳᠠᠲᠤ ᠴᠣᠭᠴᠠ ᠶᠢᠨ ᠠᠵᠤ ᠠᠬᠤᠶ ᠶᠢ ᠭᠦᠨᠵᠡᠭᠡᠶ ᠠᠭᠤᠰᠤᠯᠴᠠᠭᠤᠯᠵᠤ᠂ ᠤᠨᠴᠠᠯᠢᠭᠳᠤ ᠲᠠᠷᠢᠶᠠᠯᠠᠩ ᠤᠨ ᠳᠠᠪᠠᠭᠤᠯᠢᠭ ᠢ ᠪᠠᠬᠢᠵᠢᠭᠦᠯᠦᠨ ᠥᠷᠭᠡᠳᠬᠡᠵᠦ᠂ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠬᠤᠯᠠ ᠶᠡᠭᠡ ᠠᠬᠢᠯᠳᠠ ᠲᠠᠢ ᠪᠣᠯᠭᠠᠨ᠎ᠠ᠃ ᠬᠤᠳᠠ ᠬᠥᠳᠡᠭᠡ ᠶᠢᠨ ᠨᠡᠶᠢᠯᠡᠯ ᠰᠢᠨ᠎ᠡ ᠳᠡᠭᠲᠡᠷ ᠲᠤ ᠭᠠᠷᠴᠤ᠂ ᠬᠤᠳᠠ ᠬᠥᠳᠡᠭᠡ ᠶᠢᠨ ᠪᠠᠶᠢᠷᠢᠰᠢᠯ ᠡᠳᠦᠷ ᠢᠷᠡᠬᠦᠶ᠎ᠡ ᠵᠦᠢ ᠵᠣᠬᠢᠰᠲᠠᠶ ᠪᠤᠯᠵᠤ᠂ ᠤᠯᠠᠨ ᠨᠡᠶᠢᠲᠡ ᠶᠢᠨ ᠲᠥᠬᠦᠭᠡᠷᠦᠮᠵᠢ ᠲᠠᠰᠤᠷᠠᠯᠳᠠ ᠦᠭᠡᠢ ᠲᠡᠭᠦᠯᠳᠡᠷᠵᠢᠵᠦ᠂ ᠭᠠᠵᠠᠷ  ᠲᠤᠭᠤᠷᠢᠭ ‍ᠤᠨ‌‍ᠲ᠋ᠠᠭᠠᠭᠠᠬᠤ ᠴᠢᠳᠠᠪᠤᠷᠢ ᠠᠯᠬᠤᠮ ᠠᠯᠬᠤᠮ ᠢᠶᠠᠷ ᠳᠡᠭᠡᠭᠰᠢᠯᠡᠪᠡ᠃ ᠨᠡᠶᠢᠭᠡᠮ ᠵᠢᠷᠤᠮ ᠤᠨ ᠠᠷᠠᠳᠴᠢᠯᠠᠯ ᠬᠠᠤᠯᠢ ᠪᠠᠷ ᠵᠠᠰᠠᠬᠤ ᠠᠵᠢᠯ ᠢ ᠨᠡᠩ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠦᠷ᠎ᠡ ᠪᠦᠲᠦᠮᠵᠢ ᠪᠠ ᠨᠡᠶᠢᠲᠡ ᠶᠢᠨ ᠢᠲᠡᠭᠡᠮᠵᠢ ᠶᠢᠨ ᠬᠦᠴᠦᠨ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠤᠨ ᠪᠠᠶᠢᠳᠠᠯ ᠢ ᠪᠠᠬᠢᠵᠢᠭᠦᠯᠦᠨ ᠬᠥᠭᠵᠢᠭᠦᠯᠵᠦ᠂ ᠬᠤᠳᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠰᠢᠨ᠎ᠡ ᠰᠢᠪᠲᠤᠯᠤᠯᠲᠠ ᠲᠠᠢ ᠪᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠯ ᠲᠣᠭᠲᠠᠴᠠ ᠶᠢ ᠲᠠᠰᠤᠷᠠᠯᠳᠠ ᠦᠭᠡᠢ ᠪᠦᠷᠢᠨᠰᠢᠬᠦᠯᠵᠤ᠂ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠦᠷᠭᠦᠯᠵᠢᠯᠡᠨ ᠴᠢᠩᠭᠠᠷᠠᠭᠤᠯᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠵᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠥᠭᠵᠢᠯᠲᠡ ᠶᠢᠨ ᠠᠮᠤᠷ ᠲᠦᠪᠰᠢᠨ ᠤ ᠪᠠᠲᠤᠯᠠᠭ᠎ᠠ ᠶᠢ ᠨᠡᠩ ᠡᠷᠴᠢᠮᠲᠡᠢ ᠪᠣᠯᠭᠠᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠨ᠎ᠡ ᠪᠠᠷ ᠰᠢᠯᠢᠳᠡᠭᠵᠢᠭᠦᠯᠬᠦ ᠶᠢ ᠪᠡᠶᠡᠯᠡᠭᠦᠯᠵᠦ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠨᠡᠩ ᠢᠯᠡᠭᠦᠦ ᠠᠮᠢᠵᠢᠷᠠᠯ ᠤᠨ ᠬᠦᠴᠦᠨ ᠲᠠᠢ ᠪᠣᠯᠭᠠᠵᠤ᠂ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠪᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ ᠴᠢᠬᠤᠯᠠ ᠶᠡᠭᠡ ᠠᠬᠢᠴᠠ ᠲᠠᠢ ᠪᠣᠯᠭᠠᠵᠤ᠂ ᠭᠤᠣᠯᠴᠢ ᠪᠠᠷ ᠥᠷᠢᠰᠥᠯᠳᠦᠬᠦ ᠲᠦᠷᠢᠮ ᠢ ᠨᠡᠩ ᠪᠦᠷᠢᠨᠰᠢᠬᠦᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠪᠠᠶᠢᠷᠢ ᠰᠣᠯᠪᠢᠴᠠᠨ ᠬᠥᠭᠵᠢᠵᠦ᠂ ᠰᠠᠶᠢᠨ ᠥᠷᠢᠰᠥᠯᠳᠦᠬᠦ᠂ ᠬᠠᠮᠵᠢᠯᠴᠠᠨ ᠬᠠᠮᠲᠤ ᠪᠠᠷ ᠤᠷᠤᠭᠰᠢᠯᠠᠬᠤ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠦᠨ᠎ᠡ᠃ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠰᠢᠨ᠎ᠡ ᠲᠦᠪᠰᠢᠨ ᠳᠤ ᠬᠦᠷᠭᠡᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠠ ᠠᠵᠤ ᠠᠬᠤᠢ ᠶᠢᠨ ᠨᠡᠮᠡᠭᠳᠡᠯ ᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠬᠤᠪᠢᠶᠠᠷᠢᠯᠠᠯᠲᠠ ᠶᠢᠨ ᠪᠦᠲᠦᠴᠡ ᠶᠢ ᠨᠡᠩ ᠰᠢᠯᠢᠳᠡᠭᠵᠢᠭᠦᠯᠵᠦ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠨᠡᠩ ᠰᠢᠯᠢᠳᠡᠭ ᠪᠥᠭᠡᠳ ᠲᠡᠩᠴᠡᠭᠦᠷᠢᠲᠡᠢ ᠪᠣᠯᠭᠠᠵᠤ᠂ ᠠᠵᠢᠯ ᠣᠯᠭᠤᠯᠲᠠ ᠶᠢ ᠨᠡᠩ ᠭᠦᠢᠴᠡᠳ ᠨᠡᠩ ᠶᠠᠰᠤ ᠴᠢᠨᠠᠷ ᠲᠠᠢ ᠪᠣᠯᠭᠠᠵᠤ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠢ ᠨᠡᠩ ᠲᠡᠭᠦᠯᠳᠡᠷᠵᠢᠭᠦᠯᠵᠦ ᠂ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠡᠩ ᠪᠦᠷᠢᠨᠰᠢᠬᠦᠯᠦᠨ᠎ᠠ᠃ ᠠᠷᠠᠳ ᠤᠯᠠᠨ ᠤ ᠤᠶᠤᠨ ᠤ ᠪᠠ ᠰᠣᠶᠣᠯ ᠤᠨ ᠠᠮᠢᠳᠤᠷᠠᠯ ᠡᠳᠦᠷ ᠢᠷᠡᠬᠦᠶ᠎ᠡ ᠪᠠᠶᠠᠯᠢᠭᠵᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠭᠦᠨ ᠦᠨᠳᠦᠰᠦᠯᠡᠭᠰᠡᠨ ᠪᠠᠶᠢᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠨ᠎ᠠ᠃     ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢ ᠬᠠᠮᠠᠭᠠᠯᠠᠬᠤ ᠪᠠ ᠴᠢᠨᠠᠷ ᠰᠠᠶᠢᠲᠠᠶ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠤᠡᠪᠤᠷᠢᠯᠡᠬᠦ ᠲᠠᠶᠢᠨ ᠢ ᠭᠦᠨᠵᠡᠭᠡᠶ ᠰᠠᠶᠢᠲᠤᠷ ᠬᠢᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠲᠦᠷᠭᠡᠪᠴᠢᠯᠡᠨ ᠠᠬᠢᠭᠤᠯᠬᠤ ᠬᠡᠷᠡᠭᠲᠡᠶ᠃ ᠪᠣᠬᠢᠷᠲᠤᠯ ᠦᠭᠡᠢ ᠤᠨᠴᠠᠯᠢᠭᠳᠤ ᠳᠠᠪᠠᠭᠤᠯᠢᠭ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠤᠨ ᠲᠡᠰ ᠳᠡᠪᠰᠢᠬᠦ ᠥᠭᠡᠷᠡᠴᠢᠯᠡᠯᠲᠡ ᠶᠢ ᠠᠬᠢᠭᠤᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠵᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠥᠭᠵᠢᠭᠦᠯᠵᠦ᠂ ᠴᠢᠨᠠᠷ ᠰᠠᠶᠢᠲᠠᠢ ᠤᠨᠴᠠᠯᠢᠭᠳᠤ ᠲᠠᠷᠢᠶᠠᠯᠠᠩ ᠢ ᠪᠤᠶᠢᠵᠢᠭᠤᠯᠵᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢ ᠠᠬᠢᠭᠤᠯᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠰᠢᠨ᠎ᠡ ᠪᠠᠶᠢᠷᠢᠰᠢᠯ ᠢ ᠪᠠᠶᠢᠭᠤᠯᠵᠤ᠂ ᠣᠷᠣᠨ ᠪᠦᠰᠡ ᠶᠢᠨ ᠳᠠᠭᠠᠭᠠᠴᠠ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠬᠡᠷᠡᠭᠲᠡᠢ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠵᠤ᠂ ᠭᠠᠳᠠᠭᠠᠳᠤ ᠨᠡᠭᠡᠭᠡᠯᠳᠡ ᠶᠢ ᠥᠷᠭᠡᠳᠬᠡᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢ ᠨᠡᠮᠡᠭᠳᠡᠭᠦᠯᠵᠦ᠂ ᠬᠡᠷᠡᠭᠯᠡᠭᠡ ᠶᠢᠨ ᠲᠡᠰ ᠳᠡᠪᠰᠢᠬᠦ ᠶᠢ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠢ ᠴᠢᠩᠭ᠎ᠠ ᠲᠦᠰᠢᠭᠯᠡᠨ᠂ ᠠᠷᠠᠳ ᠲᠦᠮᠡᠨ ᠳᠤ ᠲᠠᠰᠤᠷᠠᠯᠲᠠ ᠦᠭᠡᠶ ᠪᠤᠶᠠᠨ ᠦᠢᠯᠡᠳᠴᠦ᠂ ᠠᠷᠠᠳ ᠲᠦᠮᠡᠨ ᠤ ᠳᠤᠮᠳᠠ ᠪᠠᠲᠤ ᠦᠨᠳᠦᠰᠦᠯᠡᠵᠦ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠴᠢᠩᠭᠠᠳᠬᠠᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠪᠤᠷᠢ ᠶᠢᠨ ᠰᠢᠰᠲ᠋ᠧᠮ‌ᠢ ᠲᠡᠭᠦᠯᠳᠡᠷᠵᠢᠭᠦᠯᠵᠦ᠂ ᠡᠷᠡᠭᠦᠯ ᠡᠩᠬᠡ ᠬᠠᠶᠢᠷᠤᠪ ᠤᠨ  ᠲᠤᠬᠤᠢ ᠲᠤᠭᠤᠷᠢᠭ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃      ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠪᠡᠶᠡᠯᠡᠭᠦᠯᠬᠦ ᠳᠤ ᠨᠠᠮ ᠤᠨ ᠲᠥᠪ ᠬᠤᠷᠢᠶᠠᠨ ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳᠴᠢᠯᠠᠯ ᠪᠠ ᠬᠠᠤᠯᠢ ᠪᠠᠷ ᠵᠠᠰᠠᠬᠤ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠲᠥᠯᠥᠪᠵᠢᠭᠦᠯᠭᠡ ᠶᠢ ᠲᠣᠭᠲᠠᠭᠠᠬᠤ ᠪᠠ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠣᠳᠣᠬᠢᠴᠢᠯᠠᠭᠰᠠᠨ ᠬᠠᠶᠢᠷᠤᠪ ᠤᠨ ᠲᠤᠬᠤᠢ ᠲᠤᠭᠤᠷᠢᠭ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠵᠢᠷᠤᠭ ᠲᠥᠰᠦᠪ ᠢ ᠪᠣᠳᠠᠲᠤ ᠠᠬᠤᠶ ᠪᠣᠯᠭᠠᠨ ᠬᠤᠪᠢᠷᠠᠭᠤᠯᠬᠤ ᠬᠡᠷᠡᠭᠲᠡᠶ᠃     ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠡᠬᠢᠯᠡᠯᠲᠡ ᠶᠢᠨ ᠵᠢᠯ ᠮᠥᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠤᠨ ᠠᠩᠬᠠᠨ ᠤ ᠵᠢᠯ ᠮᠥᠨ᠂ ᠮᠠᠨ ᠤ ᠨᠠᠮ ᠪᠠᠶᠢᠭᠤᠯᠤᠭᠳᠠᠭᠰᠠᠨ 100 ᠵᠢᠯ ᠤᠨ ᠤᠢ ᠮᠥᠨ᠂ ᠪᠠᠰᠠ ᠴᠤ ᠮᠠᠨ ᠤ  ᠲᠤᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠪᠴᠢᠯᠡᠨ ᠠᠬᠢᠭᠤᠯᠬᠤ ᠵᠠᠩᠭᠢᠯᠠᠭ᠎ᠠ ᠶᠢᠨ ᠨᠢᠭᠡ ᠵᠢᠯ ᠮᠥᠨ᠂ ᠪᠦᠬᠦ  ᠲᠤᠭᠤᠷᠢᠭ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠱᠠᠲᠤᠨ ᠤ ᠬᠢᠨ ᠠᠵᠢᠯ ᠤᠨ ᠵᠥᠪ ᠴᠢᠭᠯᠡᠯ ᠢ ᠢᠮᠠᠭᠲᠠ ᠪᠠᠷᠢᠮᠲᠠᠯᠠᠵᠤ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ᠂ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ ᠬᠤᠪᠢᠷᠠᠯᠲᠠ ᠶᠢ ᠣᠨᠣᠪᠴᠢᠲᠠᠢ ᠲᠠᠨᠢᠵᠤ᠂ ᠰᠢᠨᠵᠢᠯᠡᠬᠦ ᠤᠬᠠᠭᠠᠨᠴᠢ ᠪᠠᠷ ᠬᠤᠪᠢᠷᠠᠯᠲᠠ ᠶᠢ ᠠᠷᠭᠠᠴᠠᠵᠤ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠵᠦ ᠂ ᠪᠠᠶᠢᠳᠠᠯ ᠢ ᠲᠠᠭᠠᠨ ᠠᠵᠢᠯᠯᠠᠵᠤ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠵᠤ᠂ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠥᠷᠢᠰᠥᠯᠳᠦᠭᠡᠨ ᠢ ᠢᠯᠠᠨ ᠳᠠᠪᠠᠵᠤ᠂ ᠠᠵᠤ ᠠᠬᠤᠢ ᠶᠢᠨ ᠦᠷᠭᠦᠯᠵᠢᠯᠡᠨ ᠰᠡᠷᠭᠦᠬᠦ ᠶᠢ ᠠᠬᠢᠭᠤᠯᠵᠤ᠂ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃    ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠤᠨ ᠠᠵᠤ ᠠᠬᠤᠶ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠶᠡᠷᠦᠩᠬᠡᠶ ᠱᠠᠭᠠᠷᠳᠠᠯᠭ᠎ᠠ ᠪᠣᠯ ᠪᠢᠳᠡᠨ ᠤ ᠡᠨᠡ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠶᠢᠨ ᠶᠡᠷᠦᠩᠬᠡᠶ ᠵᠢᠷᠤᠮᠯᠠᠯ ᠮᠥᠨ᠂ ᠡᠷᠬᠡᠪᠰᠢ ᠲᠠᠷᠢᠬᠢ ᠲᠣᠯᠣᠭᠠᠶ ᠳᠠᠭᠠᠨ ᠦᠨᠳᠦᠰᠦᠯᠡᠵᠦ᠂ ᠪᠣᠳᠠᠲᠠᠶ ᠠᠵᠢᠯ ᠤᠨ ᠳᠤᠮᠳᠠ ᠪᠠᠨ ᠡᠷᠡᠰ ᠪᠥᠭᠡᠳ ᠣᠨᠣᠪᠴᠢᠲᠠᠶ ᠪᠠᠷ ᠨᠠᠶᠢᠳᠠᠪᠤᠷᠢᠵᠢᠭᠤᠯᠬᠤ ᠬᠡᠷᠡᠭᠲᠡᠶ᠃         ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ︽ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠬᠤ︾ ᠲᠤᠬᠠᠶ ᠴᠢᠬᠤᠯᠠ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠭᠦᠨᠵᠡᠭᠡᠶ ᠠᠷᠭ᠎ᠠ ᠰᠦᠪᠡᠭᠴᠢᠯᠡᠵᠦ᠂ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠶ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠤᠷᠤᠨ ᠤ ᠠᠭᠠᠷ ᠮᠠᠨᠳᠠᠯ ᠤᠨ ᠪᠣᠬᠢᠷᠲᠤᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠵᠦ ᠬᠠᠮᠲᠤᠷᠠᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ ᠬᠥᠷᠥᠰᠥ ᠰᠢᠷᠣᠢ ᠶᠢᠨ ᠪᠣᠬᠢᠷᠲᠤᠯ ᠢ ᠴᠢᠩᠭ᠎ᠠ ᠬᠠᠮᠢᠶᠠᠷᠤᠨ ᠡᠵᠡᠮᠳᠡᠵᠦ᠂ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠠᠮᠢ ᠠᠬᠤᠢ ᠶᠢᠨ ᠰᠠᠭᠤᠷᠢ ᠶᠢ ᠪᠠᠬᠢᠵᠢᠭᠦᠯᠵᠦ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠳᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠲᠦᠷᠭᠡᠳᠬᠡᠨ᠂ ᠦᠢᠯᠡᠴᠢᠯᠡᠭᠡᠨ ᠤ ᠦᠢᠯᠡᠰ ᠢ ᠴᠢᠨᠠᠷ ᠰᠠᠶᠢᠲᠠᠶ ᠪᠣᠯᠭᠠᠨ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠤᠨᠴᠠᠯᠢᠭᠳᠤ ᠲᠠᠷᠢᠶᠠᠯᠠᠩ ᠢ ᠬᠥᠭᠵᠢᠭᠦᠯᠦᠨ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠶ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠡᠨᠡᠬᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠮᠤᠭ ᠤᠨ ᠬᠦᠴᠦᠷᠬᠡᠭ ᠶᠡᠭᠡ ᠬᠥᠳᠡᠯᠭᠡᠬᠦ ᠬᠦᠴᠦᠨ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠭᠠᠳᠠᠭᠠᠳᠤ ᠨᠡᠬᠡᠬᠡᠯᠳᠡ ᠶᠢ ᠥᠷᠭᠡᠳᠬᠡᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠢ᠃ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠪᠠᠷᠢᠮᠵᠢᠶᠠᠲᠤ ᠠᠵᠢᠯ ᠣᠯᠭᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠵᠦ᠂ ᠥᠨᠳᠥᠷ ᠲᠦᠪᠰᠢᠨ ᠪᠦᠬᠦᠢ ᠡᠮ ᠡᠮᠨᠡᠯᠭᠡ ᠶᠢ ᠢᠳᠡᠪᠬᠢᠲᠡᠢ ᠠᠬᠢᠭᠤᠯᠵᠤ᠂ ᠦᠨᠳᠦᠰᠦᠨ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠵᠤ᠂ ᠬᠤᠳᠠ ᠶᠢᠨ ᠴᠢᠳᠠᠪᠬᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠬᠠᠤᠯᠢᠵᠢᠯ ᠤᠨ ᠬᠠᠶᠢᠷᠤᠪ ᠤᠨ  ᠲᠤᠬᠤᠢ ᠲᠤᠭᠤᠷᠢᠭ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠪᠠᠷ ᠲᠤᠭᠤᠷᠢᠭ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠵᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ︽ᠬᠥᠮᠦᠨ︾᠂ ︽ᠪᠣᠳᠠᠰ︾᠎ ᠢ ᠵᠡᠷᠭᠡᠪᠡᠷ ᠰᠡᠷᠭᠡᠶᠢᠯᠡᠬᠦ ᠶᠢ ᠪᠠᠷᠢᠮᠲᠠᠯᠠᠵᠤ᠂ ︽ᠲᠦᠷᠪᠡᠨ ᠡᠷᠲᠡ︾᠎ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ᠃      ᠪᠦᠬᠦᠳᠡ ᠬᠤᠷᠠᠯ ᠠᠴᠠ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠭᠤᠣᠯᠳᠠᠯᠭ᠎ᠠ ᠨᠢ ᠨᠠᠮ ᠤᠨ ᠪᠠᠶᠢᠭᠤᠯᠤᠯᠲᠠ ᠳᠤ ᠪᠤᠢ᠂ ᠵᠠᠩᠭᠢᠯᠠᠭ᠎ᠠ ᠨᠢ ᠨᠠᠮ ᠤᠨ ᠤᠳᠤᠷᠢᠳᠤᠯᠭ᠎ᠠ ᠳᠤ ᠪᠤᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠤᠪᠤᠶᠢᠯᠭᠠᠨ᠂ ᠺᠠᠳ᠋ᠷ ᠤᠨ ᠡᠩᠨᠡᠭᠡ ᠶᠢ ᠰᠢᠯᠢᠳᠡᠭ ᠢ ᠰᠣᠩᠭᠤᠨ ᠳᠤᠬᠢᠷᠠᠭᠤᠯᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠪᠠᠬᠢᠵᠢᠭᠦᠯᠵᠦ᠂ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠶᠢ ᠪᠡᠶᠡᠯᠡᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃    ᠪᠥᠬᠦᠳᠡ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠤᠷᠢᠶᠠᠨ ᠤ ᠠᠵᠢᠯ ᠤᠨ ᠲᠦᠷᠢᠮ︾᠎ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠯᠢᠦ ᠯᠢ ᠫᠢᠩ᠂ ᠡᠦ ᠵᠢᠩ᠂ ᠵᠠᠩ ᠲᠢᠶᠠᠨ ᠵᠢᠩ᠂ ᠰᠢᠩ ᠵᠧᠨ ᠬᠤᠩ ᠤᠨ  ᠲᠤᠭᠤᠷᠢᠭ ᠤᠨ ᠨᠠᠮ ᠤᠨ ᠬᠤᠷᠢᠶᠠᠨ ᠤ ᠭᠡᠰᠢᠭᠦᠨ ᠤ ᠲᠤᠰᠢᠶᠠᠯ ᠠᠴᠠ ᠪᠠᠨ ᠪᠠᠭᠤᠬᠤ ᠶᠢ ᠵᠥᠪᠰᠢᠶᠡᠷᠡᠪᠡ᠃       ᠪᠥᠬᠦᠳᠡ ᠬᠤᠷᠠᠯ ᠠᠴᠠ ᠤᠷᠢᠶᠠᠯᠠᠭᠰᠠᠨ ᠨᠢ᠂ ᠪᠦᠬᠦ  ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠲᠥᠪ ᠬᠤᠷᠢᠶ᠎ᠠ ᠶᠢᠨ ᠰᠢᠢᠤᠡᠪᠤᠷᠢᠳᠤ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠲᠤᠭᠤᠷᠢᠭ ᠤᠨ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠩᠷᠢ ᠳᠤ ᠣᠰᠣᠯᠳᠠᠬᠤ ᠥᠬᠡᠶ ᠠᠷᠠᠳ ᠲᠤ ᠣᠰᠣᠯᠳᠠᠬᠤ ᠥᠬᠡᠶ︾ ᠪᠠᠶᠢᠬᠤ ᠰᠡᠳᠬᠢᠯᠭᠡ ᠶᠢ ᠢᠮᠠᠭᠲᠠ ᠪᠠᠷᠢᠮᠲᠠᠯᠠᠨ᠂ ᠯᠠᠪᠳᠠᠭᠤᠨ ᠪᠠᠲᠤᠲᠠᠶ ᠠᠵᠢᠯᠯᠠᠵᠤ᠂ ᠡᠷᠡᠰ ᠰᠢᠭᠤᠷᠬᠠᠶ ᠪᠠᠷ ᠤᠷᠤᠭᠰᠢᠯᠠᠨ ᠳᠡᠪᠰᠢᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠤᠭᠲᠤᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠵᠠᠮ ᠳᠤ ᠬᠠᠶᠢᠷᠤᠪ ᠤᠨ  ᠲᠤᠬᠤᠢ ᠲᠤᠭᠤᠷᠢᠭ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号