ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠎ ᠤᠨ 2021 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/2/7
     2 ᠰᠠᠷ᠎ᠠ ᠶᠢᠨ 4  ᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠎ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃
       ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ᠂ ᠲᠥᠪ ᠤᠨ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠢᠴᠢᠭ ᠢᠶᠠᠷ ᠰᠤᠷᠤᠯᠴᠠᠪᠠ᠃ ᠶᠡᠷᠦᠩᠬᠡᠶ ᠱᠦᠵᠢ ᠰᠢ ᠶᠢᠨ ᠫᠢᠩ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠎ ᠤᠨ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠪᠠ᠃《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭ᠎ᠠ ᠶᠢᠨ ᠲᠥᠰᠦᠯ 》᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ》ᠵᠡᠷᠭᠡ ᠠᠭᠤᠯᠭ᠎ᠠ ᠶᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠰᠣᠷᠣᠭᠰᠠᠨ ᠎ ᠢᠶᠠᠨ ᠦᠨᠳᠦᠰᠦᠯᠡᠨ ᠰᠤᠳᠤᠯᠤᠨ ᠶᠠᠷᠢᠯᠴᠠᠵᠤ ᠦᠭᠡ ᠬᠡᠯᠡᠪᠡ᠃
      ᠴᠢ ᠹᠸᠢ ᠶᠦᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠲᠣᠭᠤᠷᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠠᠶᠠᠨ ᠳᠤᠮᠳᠠᠬᠢ ᠲᠡᠦᠬᠡ ᠎ ᠶᠢᠨ ᠣᠷᠣᠨ ᠪᠠᠶᠢᠷᠢ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢᠨ ᠰᠢᠨ᠎ᠡ ᠣᠨᠴᠠᠯᠢᠭ ᠰᠢᠨ᠎ᠡ ᠱᠠᠭᠠᠷᠳᠠᠯᠭ᠎ᠠ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠎ ᠢᠶᠠᠷ ᠡᠷᠡᠰ ᠭᠤᠶᠢᠪᠢᠰᠢ ᠥᠬᠡᠶ ᠰᠠᠶᠢᠲᠤᠷ ᠵᠠᠮᠨᠠᠬᠤ ᠬᠡᠷᠡᠭᠲᠡᠶ᠃      ᠴᠢ ᠹᠸᠢ ᠶᠦᠨ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠨᠠᠮ ᠤᠨ ᠰᠢᠨ᠎ᠡ ᠶᠢ ᠡᠭᠦᠳᠬᠦ ᠤᠨᠤᠯ ᠤᠨ ᠭᠦᠨᠵᠡᠭᠡᠢ ᠰᠤᠷᠤᠯᠴᠠᠯᠭ᠎ᠠ ᠪᠠᠷ ᠳᠠᠮᠵᠢᠭᠤᠯᠤᠨ᠂ ᠤᠯᠤᠰ ᠲᠦᠷᠦ ᠶᠢᠨ 《 ᠭᠤᠷᠪᠠᠨ ᠬᠦᠴᠦᠨ 》  ᠎ ᠤ ᠳᠣᠲᠣᠭᠠᠳᠤ ᠱᠠᠭᠠᠷᠳᠠᠯᠭ᠎ᠠ ᠪᠣᠯᠤᠨ ᠨᠢᠭᠲᠠ ᠴᠢᠩᠭ᠎ᠠ ᠯᠣᠭᠢᠭ ᠢ ᠭᠦᠨᠵᠡᠭᠡᠢ ᠤᠢᠢᠯᠠᠭᠠᠨ ᠡᠵᠡᠮᠰᠢᠬᠦ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠦᠵᠡᠯ ᠰᠠᠨᠠᠭᠠᠨ ᠤ ᠲᠠᠯ᠎ᠠ ᠪᠠᠷ ᠴᠠᠭ ᠦᠶ᠎ᠡ ᠶᠢᠨ ᠠᠯᠬᠤᠭ᠎ᠠ ᠶᠢ ᠴᠢᠩᠭ᠎ᠠ ᠲᠠᠭᠠᠪᠠᠯ ᠰᠠᠶ᠋ᠢ ᠶᠡᠭᠡ ᠬᠠᠨᠳᠤᠰᠢ ᠶᠢ ᠲᠣᠳᠣᠷᠬᠠᠢ ᠲᠠᠨᠢᠵᠤ᠂ ᠴᠢᠭᠯᠡᠯ ᠢ ᠲᠣᠳᠣᠷᠬᠠᠢ ᠲᠠᠨᠢᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ ᠴᠢᠳᠠᠨ᠎ᠠ᠃ ᠠᠷᠠᠳ ᠲᠦᠮᠡᠨ ᠤ ᠵᠣᠭᠰᠣᠯᠲᠠ ᠶᠢ ᠤᠯᠠᠮ ᠴᠢᠨᠠᠭᠰᠢᠳᠠ ᠪᠠᠲᠤ ᠪᠤᠢ ᠪᠣᠯᠭᠠᠵᠤ᠂ ᠠᠷᠠᠳ ᠲᠦᠮᠡᠨ ᠢ ᠳᠡᠭᠡᠳᠦᠯᠡᠬᠦ᠂ ᠠᠷᠠᠳ ᠲᠦᠮᠡᠨ ᠳᠤ ᠨᠢᠭᠲᠠ ᠲᠦᠰᠢᠭᠯᠡᠬᠦ᠂ ᠠᠷᠠᠳ ᠲᠦᠮᠡᠨ ᠳᠤ ᠲᠠᠰᠤᠷᠠᠯᠳᠠ ᠦᠭᠡᠢ ᠪᠤᠶᠠᠨ ᠦᠢᠯᠡᠳᠬᠦ᠂ ᠠᠷᠠᠳ ᠲᠦᠮᠡᠨ ᠤ ᠳᠤᠮᠳᠠ ᠪᠠᠲᠤ ᠦᠨᠳᠦᠰᠦᠯᠡᠬᠦ ᠦᠷᠳᠡᠭ ᠤᠨ ᠮᠡᠳᠡᠷᠡᠮᠵᠢ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠴᠤᠭ ᠰᠦᠯᠳᠡ ᠪᠠᠨ ᠴᠢᠨᠠᠭᠰᠢᠳᠠ ᠪᠠᠳᠠᠷᠠᠭᠤᠯᠵᠤ᠂ ᠡᠷᠴᠢ ᠵᠣᠷᠢᠭ ᠢᠶᠠᠨ ᠬᠥᠪᠴᠢᠯᠡᠵᠦ᠂ ᠰᠤᠷᠲᠠᠯ ᠢᠶᠠᠨ ᠪᠣᠳᠠᠲᠠᠶᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号