ᠬᠠᠶᠢᠷᠤᠪ ᠤᠨ ᠲᠣᠬᠤᠶ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠨᠠᠷᠢᠯᠢᠬᠵᠢᠭᠤᠯᠵᠤ ᠬᠢᠨᠠᠨ ᠵᠥᠪᠰᠢᠶᠡᠷᠡᠬᠦ ᠦᠶᠯᠡᠴᠢᠯᠡᠭᠡ ᠶᠢ ᠳᠠᠬᠢᠨᠲᠠ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2021/2/7
      ᠮᠠᠨ ᠤ ᠲᠤᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠵᠢᠷᠤᠮᠵᠢᠭᠤᠯᠬᠤ᠂ ᠵᠠᠰᠠᠭ ᠎ ᠤᠨ ᠶᠠᠪᠤᠳᠠᠯ ᠤᠨ ᠦᠶᠯᠡᠴᠢᠯᠡᠭᠡᠨ ᠤ ᠬᠢᠷᠢ ᠬᠡᠮᠵᠢᠶ᠎ᠡ ᠶᠢ ᠰᠢᠯᠢᠳᠡᠭᠵᠢᠭᠦᠯᠬᠦ ᠶᠢ ᠠᠬᠢᠭᠤᠯᠵᠤ᠂ ᠮᠡᠳᠡᠭᠡ ᠵᠠᠩᠭᠢᠵᠢᠯᠲᠠ ᠎ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠬᠠᠶᠢᠷᠤᠪ ᠤᠨ ᠲᠣᠬᠤᠶ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠠᠴᠠ ᠲᠤᠭᠤᠷᠢᠭ ᠤᠨ ᠲᠣᠰ ᠱᠠᠲᠤᠨ ᠤ 22 ᠬᠤᠯᠪᠣᠭᠳᠠᠬᠤ ᠨᠢᠭᠡᠴᠡ ᠎ ᠶᠢ ᠵᠣᠬᠢᠶᠠᠨ ᠪᠠᠶᠢᠭᠤᠯᠵᠤ᠂ ᠲᠥᠪᠯᠡᠷᠡᠭᠦᠯᠦᠨ ᠪᠣᠯᠪᠠᠰᠤᠷᠠᠭᠤᠯᠵᠤ᠂ ᠲᠤᠰᠬᠠᠶ ᠬᠥᠮᠦᠨ ᠬᠠᠷᠢᠭᠤᠴᠠᠨ ᠪᠥᠬᠦ ᠶᠠᠪᠤᠴᠠ ᠎ ᠳᠤ ᠨᠠᠷᠢᠯᠢᠭᠵᠢᠭᠤᠯᠤᠭᠰᠠᠨ ᠵᠦᠶᠯᠡᠰ ᠢ ᠡᠮᠬᠢᠯᠡᠬᠦ ᠠᠵᠢᠯ ᠢ ᠰᠢᠮᠳᠠᠭᠤᠯᠤᠨ ᠭᠦᠶᠴᠡᠳᠬᠡᠬᠦ ᠬᠡᠷᠡᠭᠲᠡᠶ᠃ 1 ᠳ᠋ᠦ᠋ᠭᠡᠷ ᠰᠠᠷ᠎ᠠ ᠪᠣᠯᠲᠠᠯ᠎ᠠ᠂ ᠤᠤᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠭᠤᠤᠯ ᠵᠦᠶᠯᠡᠰ ᠢ 367 ᠵᠦᠶᠯ ᠨᠠᠷᠢᠯᠢᠭᠵᠢᠭᠤᠯᠤᠭᠰᠠᠨ ᠤ ᠳᠠᠷᠠᠭᠠᠬᠢ ᠲᠤᠬᠠᠶᠢᠯᠠᠭᠰᠠᠨ ᠠᠵᠢᠯ ᠤᠨ ᠵᠦᠶᠯᠡᠰ 676 ᠵᠦᠶᠯ ᠪᠣᠯᠭᠠᠭᠰᠠᠨ ᠤ ᠬᠠᠮᠲᠤ᠂ ᠲᠣᠰ ᠲᠣᠰ ᠲᠤᠰᠬᠠᠶ ᠰᠦᠯᠵᠢᠶ᠎ᠡ ᠪᠠᠶᠢᠭᠤᠯᠤᠭᠰᠠᠨ ᠵᠦᠶᠯᠡᠰ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮ ᠤᠨ ᠵᠦᠶᠯᠡᠰ ᠤᠨ ᠨᠡᠷᠡᠶᠢᠳᠦᠯ᠂ ᠺᠣᠳ᠋ᠯᠠᠯ᠂ ᠦᠨᠳᠦᠰᠦᠯᠡᠯ᠂ ᠲᠥᠷᠥᠯ ᠬᠡᠯᠪᠡᠷᠢ ᠵᠡᠷᠭᠡ ᠦᠨᠳᠦᠰᠦᠨ ᠬᠦᠴᠦᠨ ᠵᠦᠶᠯ ᠯᠦᠭᠡ ᠬᠠᠷᠢᠯᠴᠠᠨ ᠨᠢᠭᠡᠳᠦᠯᠲᠡᠶ ᠪᠠᠶᠢᠯᠭᠠᠬᠤ ᠶᠢ ᠪᠡᠶᠡᠯᠡᠭᠦᠯᠵᠦ᠂ 《 ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ 》᠎ ᠶᠢ ᠲᠦᠷᠭᠡᠳᠬᠡᠪᠡ᠃       ᠬᠠᠶᠢᠷᠤᠪ ᠤᠨ ᠲᠣᠬᠤᠶ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠪᠥᠬᠦ ᠲᠤᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠡᠮᠬᠢᠯᠡᠨ ᠳᠢᠭᠯᠡᠵᠦ᠂ ᠵᠦᠶᠯᠡᠰ ᠢ ᠭᠦᠶᠴᠡᠳᠬᠡᠬᠦ ᠴᠠᠭ ᠤᠨ ᠬᠢᠵᠠᠭᠠᠷ ᠪᠠ ᠬᠢᠨᠠᠨ ᠵᠥᠪᠰᠢᠶᠡᠷᠡᠬᠦ ᠴᠢᠬᠤᠯᠠ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠥᠬᠦ ᠲᠤᠭᠤᠷᠢᠭ ᠤᠨ 429 ᠵᠦᠶᠯ ᠤᠨ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠵᠦᠶᠯᠡᠰ ᠢ ᠬᠠᠤᠯᠢ ᠪᠠᠷ ᠲᠣᠭᠲᠠᠭᠠᠭᠰᠠᠨ 9115 ᠠᠵᠢᠯᠯᠠᠬᠤ ᠡᠳᠦᠷ ᠠᠴᠠ 5231 ᠠᠵᠢᠯᠯᠠᠬᠤ ᠡᠳᠦᠷ ᠪᠣᠯᠭᠠᠨ ᠪᠠᠭᠠᠰᠬᠠᠵᠤ ᠂ ᠪᠠᠭᠠᠰᠬᠠᠭᠰᠠᠨ ᠨᠣᠷᠮ᠎ᠠ ᠨᠢ 43 % ᠪᠣᠯᠪᠠ᠃ ᠬᠢᠨᠠᠨ ᠵᠥᠪᠰᠢᠶᠡᠷᠡᠬᠦ ᠮᠠᠲ᠋ᠧᠷᠢᠶᠠᠯ ᠢ 1849 ᠬᠤᠪᠢ ᠪᠠᠶᠢᠭᠰᠠᠨ ᠎ ᠠᠴᠠ 1549 ᠬᠤᠪᠢ ᠪᠣᠯᠭᠠᠨ ᠪᠠᠭᠠᠰᠬᠠᠵᠤ᠂ ᠪᠠᠭᠠᠰᠬᠠᠭᠰᠠᠨ ᠨᠤᠷᠮ᠎ᠠ ᠨᠢ 16 %᠎ ᠳᠤ ᠬᠦᠷᠴᠡᠢ᠃       ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠠᠭ ᠤᠨ ᠬᠢᠵᠠᠭᠠᠷ ᠢ ᠲᠠᠰᠤᠷᠠᠯᠲᠠ ᠥᠬᠡᠶ ᠰᠢᠯᠢᠳᠡᠭᠵᠢᠭᠦᠯᠬᠦ ᠎ ᠪᠠᠷ ᠳᠠᠮᠵᠢᠭᠤᠯᠤᠨ᠂ ᠴᠢᠬᠤᠯᠠ ᠨᠥᠬᠦᠴᠡᠯ ᠢ ᠪᠠᠭᠠᠰᠬᠠᠨ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号