ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2020 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠢ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/2/7
     2 ᠰᠠᠷ᠎ᠠ ᠶᠢᠨ 5᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠎ ᠶᠢᠨ ᠬᠤᠷᠢᠶᠠᠨ ᠤ 2020 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠬᠤᠳᠠᠯᠳᠤᠭ᠎ᠠ ᠡᠷᠬᠢᠯᠡᠬᠦ ᠰᠢᠯᠢᠳᠡᠭ ᠣᠷᠴᠢᠨ ᠲᠣᠭᠤᠷᠢᠨ ᠢ ᠲᠤᠰᠬᠠᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠹᠧᠩ ᠰᠢᠤᠸᠠᠢ ᠲᠤᠤ᠂ ᠬᠤᠳᠠ ᠶᠢᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠨ ᠵᠢᠭᠠᠨ ᠵᠢᠯᠣᠭᠤᠳᠤᠭᠰᠠᠨ ᠪᠥᠭᠡᠳ ᠶᠠᠷᠢᠶ᠎ᠠ ᠲᠠᠯᠪᠢᠵᠤ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ ᠬᠤᠷᠠᠯ ᠢ ᠡᠷᠬᠢᠯᠡᠭᠰᠡᠨ ᠪᠥᠭᠡᠳ ᠣᠪᠣᠷ ᠢᠶᠠᠨ ᠢᠯᠡᠳᠬᠡᠬᠦ ᠦᠭᠡ ᠬᠡᠯᠡᠵᠡᠢ᠃       ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠲᠤᠰ ᠤᠳᠠᠭ᠎ᠠ ᠎ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠷᠠᠯ ᠠᠴᠠ ᠡᠮᠦᠨ᠎ᠡ ᠭᠦᠨᠵᠡᠭᠡᠢ ᠰᠤᠷᠤᠯᠴᠠᠨ ᠰᠤᠳᠤᠯᠤᠨ ᠶᠠᠷᠢᠯᠴᠠᠵᠤ᠂ ᠤᠯᠠᠨ ᠲᠠᠯ᠎ᠠ ᠶᠢᠨ ᠰᠠᠨᠠᠯ ᠢ ᠥᠷᠭᠡᠨ ᠢᠶᠠᠷ ᠬᠤᠷᠢᠶᠠᠵᠤ᠂ ᠰᠡᠳᠬᠢᠯ ᠤᠨ ᠦᠭᠡ ᠪᠠᠨ ᠶᠠᠷᠢᠯᠴᠠᠬᠤ ᠶᠢ ᠭᠦᠨᠵᠡᠭᠡᠢ ᠥᠷᠨᠢᠭᠦᠯᠵᠦ᠂ ᠬᠠᠷᠭᠤᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠬᠢᠨᠠᠮᠠᠭᠠᠢ ᠪᠢᠴᠢᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠎ ᠢ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠵᠡᠢ᠃       ᠬᠤᠷᠠᠯ ᠠᠴᠠ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠎ ᠤ《 ᠤᠭ ᠰᠠᠨᠠᠭ᠎ᠠ ᠪᠠᠨ ᠦᠯᠥ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠵᠢᠴᠢ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠢ ᠲᠦᠷᠦᠯ ᠤᠨ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠲᠤᠰ ᠤᠳᠠᠭᠠᠨ ᠎ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠮᠡᠳᠡᠭᠳᠡᠪᠡ᠃ ᠴᠢ ᠹᠸᠢ ᠶᠦᠨ  ᠲᠤᠭᠤᠷᠢᠭ ᠤᠨ  ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠭᠤᠭᠤᠯᠤᠭᠰᠠᠨ ᠪᠠᠶᠢᠴᠠᠭᠠᠯᠲᠠ ᠬᠢᠭᠰᠡᠨ ᠪᠥᠭᠡᠳ ᠲᠦᠷᠦᠭᠦᠯᠡᠨ ᠬᠤᠪᠢ ᠬᠥᠮᠦᠨ ᠤ ᠬᠠᠷᠭᠤᠭᠤᠯᠤᠭᠰᠠᠨ ᠪᠠᠶᠢᠴᠠᠭᠠᠯᠲᠠ ᠬᠢᠵᠦ᠂ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠨᠢᠭᠡᠳ ᠨᠢᠭᠡ ᠪᠠᠷ ᠦᠭᠡ ᠬᠡᠯᠡᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠪᠡ᠃       ᠬᠤᠲᠠ ᠶᠢᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠠᠮᠢᠶ᠎ᠠ ᠪᠥᠬᠦᠶ ᠤᠳᠤᠷᠢᠳᠤᠯᠭ᠎ᠠ ᠬᠠᠶᠢᠷᠤᠪ ᠎ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2020 ᠣᠨ ᠤ ᠠᠷᠠᠳᠴᠢᠯᠠᠯ ᠎ ᠤᠨ ᠠᠮᠢᠳᠤᠷᠠᠯ ᠤᠨ ᠬᠤᠷᠠᠯ ᠳᠤ ᠦᠨᠡᠯᠡᠯᠲᠡ ᠬᠢᠪᠠ᠃ ᠲᠡᠷᠡ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠎ ᠤᠨ ᠬᠤᠷᠠᠯ ᠤᠨ ᠪᠡᠯᠡᠳᠬᠡᠯ ᠭᠦᠢᠴᠡᠳ ᠯᠠᠪᠳᠠᠭᠤᠨ ᠪᠠᠲᠤᠲᠠᠢ ᠪᠠᠶᠢᠵᠤ᠂ ᠤᠳᠤᠷᠢᠳᠬᠤ ᠪᠠᠭ ᠤᠨ ᠪᠦᠷᠢᠯᠳᠦᠬᠦᠨ ᠰᠡᠳᠬᠢᠯ ᠤᠨ ᠦᠭᠡ ᠪᠠᠨ ᠶᠠᠷᠢᠯᠴᠠᠬᠤ᠂ ᠦᠵᠡᠯ ᠰᠠᠨᠠᠭ᠎ᠠ ᠪᠠᠨ ᠰᠣᠯᠢᠯᠴᠠᠬᠤ ᠶᠢ ᠨᠠᠷᠢᠨ ᠬᠢᠨᠠᠮᠠᠭᠠᠢ ᠥᠷᠨᠢᠭᠦᠯᠵᠦ᠂ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ᠂ ᠰᠢᠯᠲᠠᠭᠠᠨ ᠢ ᠭᠦᠨᠵᠡᠭᠡᠢ ᠵᠠᠳᠠᠯᠵᠤ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠳᠤ ᠦᠵᠡᠯ ᠰᠠᠨᠠᠭᠠᠨ ᠤ ᠰᠠᠭᠤᠷᠢ ᠲᠠᠯᠪᠢᠵᠤ ᠥᠭᠴᠡᠢ᠃ ᠪᠠᠭ ᠤᠨ ᠪᠦᠷᠢᠯᠳᠦᠬᠦᠨ ᠨᠡᠷ ᠬᠤᠭᠤᠷᠣᠨᠳᠣ ᠪᠠᠨ ᠦᠨᠡᠨᠴᠢ ᠰᠢᠳᠤᠷᠭᠤ ᠪᠠᠷ ᠰᠢᠭᠦᠮᠵᠢᠯᠡᠯ ᠬᠢᠵᠦ᠂ ᠥᠪᠡᠷ ᠤᠨ ᠪᠡᠶ᠎ᠡ ᠳᠡᠭᠡᠨ᠂ ᠬᠠᠮᠲᠤ ᠠᠵᠢᠯᠯᠠᠭᠰᠠᠳ ᠲᠠᠭᠠᠨ᠂ ᠵᠣᠬᠢᠶᠠᠨ ᠪᠠᠶᠢᠭᠤᠯᠤᠯᠲᠠ ᠳᠤ᠂ ᠠᠵᠢᠯ ᠦᠢᠯᠡᠰ ᠲᠡᠭᠡᠨ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠦᠨᠡᠨᠴᠢ ᠴᠠᠭᠠᠪᠤᠷ ᠢᠶᠠᠷ ᠬᠠᠨᠳᠤᠵᠤ᠂ ᠨᠠᠮ ᠤᠨ ᠲᠥᠪ ᠴᠢᠩᠭ᠎ᠠ ᠤᠯᠤᠰ ᠲᠦᠷᠦ ᠶᠢᠨ ᠠᠮᠢᠳᠤᠷᠠᠯ ᠢ ᠢᠯᠡᠷᠡᠭᠦᠯᠦᠭᠰᠡᠨ ᠪᠥᠭᠡᠳ ᠪᠠᠰᠠ ᠤᠳᠤᠷᠢᠳᠬᠤ ᠪᠠᠭ ᠤᠨ ᠪᠦᠯᠬᠦᠮᠳᠡᠯ ᠲᠠᠢ᠂ ᠪᠠᠴᠢᠮ᠂ ᠲᠥᠪ ᠴᠢᠩᠭ᠎ᠠ ᠤᠯᠤᠰ ᠲᠦᠷᠦ ᠶᠢᠨ ᠠᠭᠤᠷ ᠠᠮᠢᠰᠬᠤᠯ ᠢ ᠢᠯᠡᠷᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠬᠦ᠂ ᠬᠦᠴᠦᠨ ᠴᠢᠳᠠᠯ ᠢᠶᠠᠨ ᠨᠢᠭᠲᠠᠷᠠᠭᠤᠯᠬᠤ᠂ ᠰᠤᠷᠲᠠᠯ ᠢᠶᠠᠨ ᠰᠠᠶᠢᠵᠢᠷᠠᠭᠤᠯᠬᠤ᠂ ᠪᠦᠯᠬᠦᠮᠳᠡᠯ ᠢᠶᠠᠨ ᠴᠢᠩᠭᠠᠳᠬᠠᠬᠤ᠂ ᠠᠵᠢᠯ ᠢᠶᠠᠨ ᠠᠬᠢᠭᠤᠯᠬᠤ ᠵᠢᠱᠢᠭᠰᠡᠨ ᠵᠣᠷᠢᠯᠭ᠎ᠠ ᠳᠠᠭᠠᠨ ᠬᠦᠷᠴᠦ ᠴᠢᠳᠠᠭᠰᠠᠨ ᠪᠠᠶᠢᠨ᠎ᠠ᠃ ᠡᠭᠦᠨ ᠤ ᠬᠠᠮᠲᠤ᠂ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ ᠪᠣᠳᠠᠲᠠᠶ ᠶᠢ ᠡᠷᠬᠢᠮᠯᠡᠨ᠂ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠳᠠᠮᠵᠢᠭᠤᠯᠤᠨ᠂ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠲᠠᠢ ᠤᠶᠠᠯᠳᠤᠭᠤᠯᠵᠤ ᠪᠠᠶᠢᠭᠠᠳ ᠦᠵᠡᠯ ᠰᠠᠨᠠᠭ᠎ᠠ ᠤᠯᠤᠰ ᠲᠥᠷᠥ᠂ ᠣᠶᠤᠨ ᠰᠠᠨᠠᠭᠠᠨ ᠤ ᠪᠠᠶᠢᠳᠠᠯ᠂ ᠠᠵᠢᠯ ᠤᠨ ᠰᠤᠷᠲᠠᠯ ᠵᠡᠷᠭᠡ ᠲᠠᠯ᠎ᠠ ᠪᠠᠷ ᠨᠡᠯᠢᠶᠡᠳ ᠪᠣᠳᠠᠲᠠᠶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠥᠪᠡᠷ ᠢ ᠪᠠᠨ ᠳᠡᠭᠡᠭᠰᠢᠯᠡᠭᠦᠯᠬᠦ ᠪᠠ ᠲᠡᠭᠦᠯᠳᠡᠷᠵᠢᠭᠦᠯᠬᠦ ᠡᠷᠡᠰ ᠵᠣᠷᠢᠭ᠂ ᠣᠪᠣᠷ ᠢ ᠢᠯᠡᠷᠡᠭᠦᠯᠪᠡ᠃      ᠹᠧᠩ ᠰᠢᠤᠸᠠᠢ ᠲᠤᠤ ᠤᠯᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠵᠢᠯᠣᠭᠤᠳᠬᠤ ᠶᠠᠷᠢᠶᠠᠨ ᠳᠠᠭᠠᠨ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠣᠯᠤᠭᠰᠠᠨ ᠦᠷ᠎ᠡ ᠪᠦᠲᠦᠭᠡᠯ ᠢ ᠭᠦᠢᠴᠡᠳ ᠨᠤᠲᠠᠯᠠᠵᠤ᠂ ᠬᠤᠯᠪᠣᠭᠳᠠᠯ ᠪᠦᠬᠦᠢ ᠱᠠᠭᠠᠷᠳᠠᠯᠭ᠎ᠠ ᠳᠤᠷᠠᠳᠴᠠᠢ᠃ ᠲᠡᠷᠡ᠂ ᠬᠠᠶᠢᠷᠤᠪ ᠤᠨ ᠲᠤᠬᠤᠢ  ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠴᠥᠮ ᠦᠵᠡᠯ ᠰᠠᠨᠠᠭᠠᠨ ᠤ ᠭᠦᠨ ᠠᠴᠠ ᠪᠠᠨ ᠤᠯᠤᠰ ᠲᠦᠷᠦ ᠎ ᠶᠢᠨ ᠠᠮᠢ ᠠᠬᠤᠢ ᠶᠢ ᠴᠡᠪᠡᠷᠰᠢᠭᠦᠯᠬᠦ ᠶᠢᠨ ᠪᠡᠷᠬᠡ ᠬᠠᠲᠠᠭᠤᠵᠢᠯᠲᠤ ᠴᠢᠨᠠᠷ ᠪᠣᠯᠤᠨ ᠤᠷᠳᠤ ᠬᠤᠭᠤᠴᠠᠭᠠᠲᠤ ᠴᠢᠨᠠᠷ ᠢ ᠲᠠᠨᠢᠵᠤ᠂ ᠡᠨᠡ ᠬᠦ ᠰᠢᠵᠢᠮ ᠢ ᠴᠢᠩᠭᠠᠯᠠᠵᠤ᠂ ᠯᠠᠪᠳᠠᠭᠤᠨ ᠪᠠᠲᠤᠲᠠᠢ ᠴᠢᠷᠮᠠᠶᠢᠯᠭ᠎ᠠ ᠪᠠᠷ ᠳᠠᠮᠵᠢᠭᠤᠯᠤᠨ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠨᠡᠨ ᠬᠦ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠥᠷᠨᠢᠭᠦᠯᠬᠦ ᠳᠤ᠂ ᠬᠤᠯᠪᠣᠭᠳᠠᠯ ᠪᠦᠬᠦᠢ ᠦᠵᠡᠯ ᠰᠠᠨᠠᠭ᠎ᠠ ᠲᠠᠨᠢᠯᠲᠠ᠂ ᠣᠪᠣᠷ᠂ ᠪᠡᠶᠡᠴᠢ ᠲᠠᠯ᠎ᠠ ᠵᠡᠷᠭᠡ ᠰᠢᠯᠲᠠᠭᠠᠨ ᠢ ᠭᠦᠨᠵᠡᠭᠡᠢ ᠵᠠᠳᠠᠯᠵᠤ᠂ ᠬᠤᠶᠢᠰᠢᠳᠠ ᠶᠢᠨ ᠴᠡᠭᠴᠡᠯᠡᠨ ᠰᠠᠶᠢᠵᠢᠷᠠᠭᠤᠯᠬᠤ ᠶᠠᠪᠤᠴᠠ ᠳᠤ ᠭᠦᠨᠵᠡᠭᠡᠢ ᠲᠠᠨᠢᠵᠤ᠂ ᠢᠳᠡᠪᠬᠢᠲᠡᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠹᠧᠩ ᠰᠢᠤᠸᠠᠢ ᠲᠤᠤ᠂ ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠎ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠬᠤ ᠴᠢᠳᠠᠪᠤᠷᠢ ᠪᠣᠯᠤᠨ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ ᠶᠢᠨ ᠴᠢᠳᠠᠪᠤᠷᠢ ᠪᠣᠯ ᠴᠢᠭᠯᠡᠯ ᠢ ᠡᠵᠡᠮᠳᠡᠬᠦ᠂ ᠶᠡᠭᠡ ᠶᠠᠪᠤᠳᠠᠯ ᠢ ᠡᠵᠡᠮᠳᠡᠬᠦ᠂ ᠪᠦᠬᠦ ᠲᠠᠯ᠎ᠠ ᠶᠢ ᠡᠵᠡᠮᠳᠡᠬᠦ ᠴᠢᠳᠠᠪᠤᠷᠢ ᠮᠥᠨ᠂ ᠪᠠᠰᠠ ᠴᠤ ᠡᠯ᠎ᠡ ᠱᠠᠲᠤᠨ ᠤ ᠺᠠᠳ᠋ᠷᠴᠤᠳ ᠤᠨ ᠤᠯᠤᠰ ᠲᠦᠷᠦ ᠶᠢᠨ ᠵᠥᠪ ᠪᠤᠷᠤᠭᠤ ᠶᠢ ᠢᠯᠭᠠᠨ ᠲᠠᠨᠢᠬᠤ᠂ ᠤᠯᠤᠰ ᠲᠦᠷᠦ ᠶᠢᠨ ᠪᠠᠲᠤ ᠬᠦᠴᠦᠨ ᠢᠶᠠᠨ ᠪᠠᠲᠤᠯᠠᠬᠤ᠂ ᠤᠯᠤᠰ ᠲᠦᠷᠦ ᠶᠢᠨ ᠪᠠᠶᠢᠳᠠᠯ ᠢ ᠡᠵᠡᠮᠳᠡᠬᠦ᠂ ᠤᠯᠤᠰ ᠲᠦᠷᠦ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠳᠤ ᠱᠠᠭᠠᠷᠳᠠᠭᠳᠠᠬᠤ ᠴᠢᠳᠠᠪᠤᠷᠢ ᠮᠥᠨ᠃ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠢᠯᠠᠩᠭᠤᠶ᠎ᠠ ᠵᠠᠩᠭᠢᠯᠠᠭ᠎ᠠ ᠶᠢᠨ ᠴᠥᠭᠡᠨ ᠲᠣᠭᠠᠲᠠᠨ ᠢᠮᠠᠭᠲᠠ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂《 ᠬᠤᠶᠠᠷ ᠢ ᠬᠠᠮᠠᠭᠠᠯᠠᠬᠤ 》᠎ ᠶᠢ ᠦᠵᠡᠯ ᠰᠠᠨᠠᠭ᠎ᠠ᠂ ᠲᠠᠨᠢᠯᠲᠠ ᠶᠢᠨ ᠲᠠᠯ᠎ᠠ ᠶᠢᠨ ᠤᠯᠤᠰ ᠲᠦᠷᠦ ᠶᠢᠨ ᠵᠢᠷᠤᠮᠯᠠᠯ ᠪᠣᠯᠭᠠᠬᠤ ᠬᠡᠷᠡᠭᠲᠡᠢ᠃ ᠵᠥᠪ ᠤᠯᠤᠰ ᠲᠦᠷᠦ ᠶᠢᠨ ᠴᠢᠭᠯᠡᠯ ᠢ ᠪᠠᠲᠤᠳᠬᠠᠵᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠶᠢ ᠪᠣᠳᠠᠲᠠᠢ ᠠᠵᠢᠯ ᠤᠨ ᠳᠤᠮᠳᠠ ᠪᠠᠨ ᠢᠯᠡᠷᠡᠭᠦᠯᠵᠦ᠂ ᠤᠯᠤᠰ ᠲᠦᠷᠦ ᠶᠢᠨ ᠵᠣᠭᠰᠣᠴᠠ ᠠᠴᠠ ᠠᠰᠠᠭᠤᠳᠠᠯ ᠢ ᠰᠢᠢᠳᠪᠦᠷᠢᠯᠡᠵᠦ᠂ ᠤᠯᠤᠰ ᠲᠦᠷᠦ ᠶᠢ ᠡᠷᠬᠢᠮᠯᠡᠬᠦ ᠱᠠᠭᠠᠷᠳᠠᠯᠭ᠎ᠠ ᠶᠢ ᠨᠠᠮ ᠤᠨ ᠭᠡᠰᠢᠭᠦᠨ ᠤᠳᠤᠷᠢᠳᠬᠤ ᠺᠠᠳ᠋ᠷ ᠨᠢᠭᠡᠪᠦᠷᠢ ᠶᠢᠨ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠳᠤ ᠪᠦᠷᠢᠯᠳᠦᠭᠦᠯᠬᠦ ᠴᠢᠳᠠᠪᠤᠷᠢ ᠪᠣᠯᠭᠠᠬᠤ ᠬᠡᠷᠡᠭᠲᠡᠢ᠃       ᠤᠯᠤᠰ ᠲᠦᠷᠦ ᠶᠢᠨ ᠮᠠᠭᠠᠳᠯᠠᠬᠤ ᠴᠢᠳᠠᠪᠤᠷᠢ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠠᠰᠠᠭᠤᠳᠠᠯ ᠎ ᠢ ᠪᠣᠳᠣᠯᠬᠢᠯᠠᠬᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠳᠤ ᠴᠥᠮ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠴᠢᠬᠤᠯᠠᠴᠢᠯᠠᠵᠤ᠂ ᠠᠷᠠᠳ ᠲᠦᠮᠡᠨ ᠢ ᠴᠢᠬᠤᠯᠠᠴᠢᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠪᠠᠷ ᠦᠨᠳᠦᠰᠦ ᠪᠣᠯᠭᠠᠬᠤ ᠬᠡᠷᠡᠭᠲᠡᠢ᠃ ᠢᠯᠠᠩᠭᠤᠶ᠎ᠠ ᠴᠢᠬᠤᠯᠠ ᠶᠡᠭᠡ ᠠᠰᠠᠭᠤᠳᠠᠯ ᠪᠠ ᠵᠠᠩᠭᠢᠯᠠᠭ᠎ᠠ ᠶᠢᠨ ᠭᠤᠭᠴᠤᠭ᠎ᠠ ᠳᠤ ᠢᠮᠠᠭᠲᠠ ᠬᠠᠷᠠᠭ᠎ᠠ ᠬᠤᠷᠴᠠ᠂ ᠡᠷᠲᠡ ᠲᠠᠨᠢᠵᠤ᠂ ᠲᠦᠷᠭᠡᠨ ᠬᠥᠳᠡᠯᠦᠯᠴᠡᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠦᠢᠯᠡ ᠠᠵᠢᠯᠯᠠᠭ᠎ᠠ ᠶᠢᠨ ᠵᠥᠪ ᠪᠤᠷᠤᠭᠤ ᠶᠢ ᠲᠣᠳᠣᠷᠬᠠᠢ ᠢᠯᠭᠠᠨ ᠲᠠᠨᠢᠵᠤ᠂ ᠤᠯᠤᠰ ᠲᠦᠷᠦ ᠎ ᠶᠢᠨ ᠠᠶᠤᠯ ᠲᠦᠭᠰᠢᠭᠦᠷᠢ ᠶᠢ ᠨᠡᠩ ᠪᠦᠲᠦᠮᠵᠢᠲᠡᠢ ᠪᠠᠷ ᠬᠤᠷᠢᠭᠯᠠᠬᠤ ᠬᠡᠷᠡᠭᠲᠡᠢ᠃ ᠤᠯᠤᠰ ᠲᠦᠷᠦ ᠶᠢᠨ ᠣᠶᠢᠯᠠᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠨᠠᠮ ᠤᠨ ᠲᠥᠪ ᠬᠤᠷᠢᠶᠠᠨ ᠤ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠶᠡᠭᠡ ᠪᠤᠳᠤᠯᠭ᠎ᠠ ᠶᠢ ᠳᠣᠲᠣᠷ᠎ᠠ ᠪᠠᠨ ᠲᠤᠭ᠎ᠠ ᠲᠠᠢ᠂ ᠭᠦᠢᠴᠡᠳ ᠣᠶᠢᠯᠠᠭᠠᠵᠤ᠂ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠪᠠᠷ ᠪᠠᠶᠢᠳᠠᠯ ᠢ ᠵᠠᠳᠠᠯᠬᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠭᠰᠠᠨ ᠰᠠᠭᠤᠷᠢᠨ ᠳᠡᠭᠡᠷ᠎ᠡ ᠨᠡᠪᠳᠡᠷᠡᠳᠡᠯ᠎ᠡ ᠣᠶᠢᠯᠠᠭᠠᠵᠤ᠂ ᠭᠦᠢᠴᠡᠳ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠦᠷᠭᠦᠯᠵᠢ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤᠮᠳᠠ ᠵᠥᠷᠢᠶ᠎ᠡ ᠣᠷᠣᠰᠢᠵᠤ ᠪᠠᠶᠢᠬᠤ ᠡᠰᠡᠬᠦ ᠶᠢ ᠦᠷᠭᠦᠯᠵᠢ ᠪᠠᠶᠢᠴᠠᠭᠠᠨ ᠦᠵᠡᠵᠦ᠂ ᠴᠠᠭ ᠲᠤᠬᠠᠢ ᠳᠤᠨᠢ ᠰᠠᠨᠠᠭᠠᠴᠢᠯᠠᠭ᠎ᠠ ᠠᠴᠠ ᠪᠠᠨ ᠲᠤᠬᠢᠷᠠᠭᠤᠯᠤᠯᠳᠠ ᠬᠢᠵᠦ᠂ ᠨᠠᠮ ᠤᠨ ᠲᠥᠪ ᠬᠤᠷᠢᠶᠠᠨ ᠤ ᠳᠤᠷᠠᠳᠤᠭᠰᠠᠨ ᠴᠠᠭ ᠲᠤᠬᠠᠢ ᠳᠤᠨᠢ ᠴᠤᠤᠷᠢᠶᠠᠲᠤᠨ ᠲᠠᠭᠠᠬᠤ᠂ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠢ ᠡᠷᠡᠰ ᠬᠡᠷᠡᠭᠵᠢᠭᠦᠯᠬᠦ᠂ ᠨᠠᠮ ᠤᠨ ᠲᠥᠪ ᠬᠤᠷᠢᠶᠠᠨ ᠤ ᠴᠠᠭᠠᠵᠠᠯᠠᠭᠰᠠᠨ ᠢ ᠡᠷᠡᠰ ᠬᠢᠬᠦ ᠦᠭᠡᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃     ᠡᠭᠦᠨ ᠠᠴᠠ ᠭᠠᠳᠠᠨ᠎ᠠ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠢ᠃ ᠺᠠᠳ᠋ᠷ ᠬᠡᠳᠦᠢ ᠶᠡᠭᠡ ᠡᠭᠦᠷᠭᠡᠯᠡᠯ ᠲᠠᠢ ᠪᠣᠯ ᠲᠡᠳᠦᠢ ᠶᠡᠭᠡ ᠦᠢᠯᠡᠰ ᠢ ᠪᠦᠲᠦᠭᠡᠵᠦ ᠴᠢᠳᠠᠨ᠎ᠠ᠂ ᠡᠭᠦᠷᠭᠡᠯᠡᠯ ᠲᠠᠢ ᠵᠢᠳᠬᠦᠯ ᠴᠢᠷᠮᠠᠶᠢᠯᠭ᠎ᠠ ᠨᠢ ᠺᠠᠳ᠋ᠷ ᠤᠨ ᠰᠥᠰᠥ ᠵᠣᠷᠢᠭ ᠢ ᠢᠯᠡᠷᠡᠭᠦᠯᠵᠦ᠂ ᠺᠠᠳ᠋ᠷ ᠤᠨ ᠨᠠᠮ ᠤᠨ ᠵᠣᠬᠢᠶᠠᠨ ᠪᠠᠶᠢᠭᠤᠯᠤᠯᠲᠠ ᠳᠤ ᠦᠨᠡᠨᠴᠢ ᠰᠢᠳᠤᠷᠭᠤ ᠪᠠᠶᠢᠬᠤ ᠶᠢ ᠨᠡᠩ ᠢᠯᠡᠷᠡᠭᠦᠯᠪᠡ᠃ ᠵᠢᠳᠬᠦᠯ ᠴᠢᠷᠮᠠᠶᠢᠯᠭ᠎ᠠ ᠭᠠᠷᠭᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠵᠣᠷᠢᠭᠲᠠᠢ ᠪᠠᠷ ᠬᠠᠲᠠᠭᠤ ᠲᠠᠢ ᠨᠢ ᠬᠠᠯᠳᠠᠵᠤ᠂ ᠵᠥᠷᠢᠴᠡᠯ ᠳᠤ ᠰᠢᠭᠤᠳ ᠬᠠᠨᠳᠤᠵᠤ᠂ ᠡᠷᠡᠰ ᠰᠢᠭᠤᠷᠬᠠᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠵᠤ᠂ ᠡᠭᠦᠨ ᠠᠴᠠ ᠠᠶᠤᠲᠠᠯ᠎ᠠ ᠲᠡᠭᠦᠨ ᠠᠴᠠ ᠵᠢᠷᠦᠬᠡᠰᠢᠶᠡᠬᠦ ᠦᠭᠡᠢ ᠪᠠᠶᠢᠬᠤ ᠬᠡᠷᠡᠭᠲᠡᠢ᠃ ᠬᠠᠶᠢᠷᠤᠪ ᠤᠨ ᠲᠤᠬᠤᠢ ᠲᠣᠭᠤᠷᠢᠭ ᠪᠣᠯ ᠦᠬᠠᠢ ᠬᠤᠳᠠ ᠶᠢᠨ ᠭᠤᠣᠯ ᠬᠤᠳᠠ ᠶᠢᠨ ᠲᠣᠭᠤᠷᠢᠭ ᠪᠣᠯᠤᠨ᠎ᠠ᠂ ᠭᠤᠣᠯᠯᠠᠬᠤ ᠦᠢᠯᠡᠳᠦᠯ ᠢᠶᠠᠨ ᠪᠠᠳᠠᠷᠠᠭᠤᠯᠵᠤ᠂ ᠬᠥᠭᠵᠢᠯᠲᠡ ᠶᠢᠨ ᠰᠡᠳᠬᠢᠴᠡ ᠪᠠᠨ ᠰᠢᠯᠤᠭᠤᠳᠬᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠠᠵᠢᠯ ᠦᠢᠯᠡᠰ ᠲᠤ ᠬᠠᠷᠢᠭᠤᠴᠠᠵᠤ᠂ ᠭᠠᠵᠠᠷ ᠣᠷᠣᠨ ᠳᠤ ᠬᠠᠷᠢᠭᠤᠴᠠᠬᠤ ᠬᠡᠷᠡᠭᠲᠡᠢ᠃ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠶᠢ ᠴᠢᠩᠭᠠᠳᠬᠠᠬᠤ ᠎ ᠶᠢ ᠴᠢᠬᠤᠯᠠᠴᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠬᠡᠢ ᠡᠵᠡᠮᠰᠢᠨ ᠪᠣᠳᠠᠲᠠᠶᠢᠵᠢᠭᠤᠯᠵᠤ᠂ ᠤᠨᠤᠯ ᠢᠶᠠᠷ ᠦᠢᠯᠡᠳᠦᠯᠭᠡ ᠶᠢ ᠵᠢᠯᠤᠭᠤᠳᠤᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ ᠶᠢ ᠳᠣᠪᠣᠶᠢᠯᠭᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠲᠣᠳᠣᠷᠬᠠᠶᠢᠯᠠᠨ᠂ ᠣᠷᠳᠣ ᠬᠤᠭᠤᠴᠠᠭᠠᠨ ᠤ ᠪᠦᠲᠦᠮᠵᠢᠲᠡᠶ ᠲᠦᠷᠢᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠣᠨᠳᠣᠤᠰᠢᠭᠤᠯᠤᠨ ᠬᠡᠷᠡᠭᠯᠡᠬᠦ ᠶᠢ ᠳᠣᠪᠣᠶᠢᠯᠭᠠᠵᠤ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠡᠯ᠎ᠡ ᠵᠦᠶᠯ ᠤᠨ ᠠᠵᠢᠯ ᠢ ᠳᠠᠬᠢᠨ ᠨᠢᠭᠡ ᠳᠡᠭᠲᠡᠷ ᠲᠤ ᠭᠠᠷᠭᠠᠬᠤ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃      ᠴᠢ ᠹᠸᠢ ᠶᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠠᠳᠬᠤᠵᠤ ᠠᠰᠠᠭᠤᠳᠠᠯ ᠢ ᠪᠠᠶᠢᠴᠠᠭᠠᠨ ᠳᠡᠯᠭᠡᠬᠦ ᠪᠠᠷ ᠠᠵᠠ ᠲᠣᠬᠢᠶᠠᠯ ᠪᠣᠯᠭᠠᠵᠤ᠂ ᠤᠯᠤᠰ ᠲᠦᠷᠦ ᠶᠢᠨ ᠵᠣᠭᠰᠣᠴᠠ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠤᠨᠤᠯ ᠤᠨ ᠰᠤᠷᠤᠯᠴᠠᠯᠭ᠎ᠠ ᠶᠢᠨ ᠰᠠᠶᠢᠨ ᠦᠯᠢᠭᠡᠷ ᠳᠠᠭᠤᠷᠢᠶᠠᠯ ᠪᠤᠯᠵᠤ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ 《 ᠬᠤᠶᠠᠷ ᠢ ᠬᠠᠮᠠᠭᠠᠯᠠᠬᠤ 》᠎ ᠶᠢ ᠰᠠᠶᠢᠲᠤᠷ ᠬᠢᠨ᠎ᠠ ᠭᠡᠵᠦ ᠢᠯᠡᠳᠬᠡᠪᠡ᠃ ᠨᠠᠮ ᠎ ᠤᠨ ᠰᠢᠨ᠎ᠡ ᠶᠢ ᠡᠭᠦᠳᠬᠦ ᠤᠨᠤᠯ ᠢ ᠰᠤᠷᠤᠯᠴᠠᠬᠤ ᠶᠢ ᠨᠠᠰᠤᠨ ᠲᠤᠷᠰᠢᠳᠠ ᠶᠢᠨ ᠵᠠᠪᠠᠯ ᠰᠤᠷᠬᠤ ᠬᠢᠴᠢᠶᠡᠯ ᠪᠣᠯᠭᠠᠬᠤ ᠎ ᠶᠢ ᠪᠠᠷᠢᠮᠲᠠᠯᠠᠵᠤ᠂ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠣᠶᠢᠯᠠᠭᠠᠬᠤ ᠳᠤᠮᠳᠠ ᠪᠣᠯᠪᠠᠰᠤᠷᠠᠯ ᠢᠶᠠᠨ ᠴᠢᠩᠭᠠᠳᠬᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠎ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠳᠠ ᠦᠭᠡᠢ ᠴᠢᠩᠭᠠᠳᠬᠠᠪᠠ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠳᠣᠣᠷ᠎ᠠ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠢᠲᠡᠭᠡᠯ ᠵᠣᠷᠢᠭ ᠢᠶᠠᠨ ᠤᠯᠠᠮ ᠴᠢᠨᠠᠭᠰᠢᠳᠠ ᠪᠠᠲᠤᠳᠬᠠᠬᠤ ᠬᠡᠷᠡᠭᠲᠡᠢ᠃ ᠤᠯᠤᠰ ᠲᠦᠷᠦ ᠶᠢᠨ ᠡᠭᠦᠷᠭᠡᠯᠡᠯ ᠢᠶᠠᠨ ᠦᠷᠭᠦᠯᠵᠢᠯᠡᠨ ᠴᠢᠩᠭᠠᠳᠬᠠᠵᠤ᠂ ᠠᠷᠠᠳ ᠤᠨ ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠬᠦ ᠰᠠᠶᠢᠨ ᠦᠯᠢᠭᠡᠷ ᠳᠠᠭᠤᠷᠢᠶᠠᠯ ᠪᠤᠯᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠬᠢᠵᠦ ᠦᠢᠯᠡᠰ ᠪᠤᠰᠬᠠᠬᠤ ᠰᠠᠶᠢᠨ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠠᠷᠠᠳ ᠲᠦᠮᠡᠨ ᠤ ᠬᠠᠶᠢᠷ᠎ᠠ ᠰᠡᠳᠬᠢᠯᠭᠡ ᠶᠢ ᠪᠠᠲᠤ ᠰᠠᠬᠢᠵᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠠᠷᠠᠳ ᠲᠦᠮᠡᠨ ᠤ ᠠᠮᠤᠷ ᠵᠢᠮᠦᠷ ᠠᠵᠤ ᠲᠦᠷᠦᠭᠦ᠂ ᠠᠮᠤᠷ ᠲᠦᠪᠰᠢᠨ ᠠᠶᠤᠯ ᠲᠦᠭᠰᠢᠭᠦᠷᠢ ᠬᠠᠯᠠᠭᠤᠨ ᠳᠤᠯᠠᠭᠠᠨ ᠢ ᠢᠮᠠᠭᠲᠠ ᠰᠡᠳᠬᠢᠯ ᠳᠡᠭᠡᠨ ᠪᠤᠳᠤᠵᠤ᠂ ᠶᠠᠳᠠᠭᠤ ᠎ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠬᠠᠶᠢᠷᠤᠪ ᠤᠨ ᠲᠤᠬᠤᠢ ᠲᠣᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠪᠣᠳᠠᠲᠠᠢ ᠠᠰᠠᠭᠤᠳᠠᠯ ᠢ ᠰᠡᠳᠬᠢᠯ ᠲᠠᠯᠪᠢᠨ᠂ ᠬᠠᠶᠢᠷ᠎ᠠ ᠰᠡᠳᠬᠢᠯᠭᠡ ᠲᠠᠢ ᠪᠠᠷ᠂ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ᠂ ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ ᠭᠤᠤᠯ ᠰᠡᠳᠦᠪ ᠢ ᠴᠢᠩᠭ᠎ᠠ ᠡᠵᠡᠮᠳᠡᠵᠦ᠂ ᠰᠢᠨ᠎ᠡ ᠬᠥᠭᠵᠢᠯᠲᠡ ᠶᠢᠨ ᠱᠠᠲᠤᠨ ᠎ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠃ ᠨᠠᠮ ᠤᠨ ᠲᠥᠪ ᠬᠤᠷᠢᠶ᠎ᠠ ᠪᠣᠯᠤᠨ ᠳᠡᠭᠡᠳᠦ ᠱᠠᠲᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠲᠠᠯ᠎ᠠ ᠶᠢᠨ ᠠᠵᠢᠯ ᠎ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ᠤᠯᠤᠰ ᠲᠥᠷᠥ ᠶᠢᠨ ᠪᠠᠲᠤ ᠬᠦᠴᠦᠨ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠷᠢᠭᠤᠨ ᠴᠢᠬᠡᠴᠢ ᠶᠢᠨ ᠬᠡᠪ ᠳᠠᠭᠤᠷᠢᠶᠠᠯ ᠪᠣᠯᠬᠤ ᠬᠡᠷᠡᠭᠲᠡᠶ᠃      ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠪᠣᠳᠠᠲᠤ ᠦᠷ᠎ᠡ ᠪᠦᠲᠦᠮᠵᠢ ᠣᠯᠵᠤ᠂ ᠢᠮᠠᠭᠲᠠ ᠬᠢᠨᠠᠭᠤᠷ ᠪᠣᠯᠭᠤᠮᠵᠢᠲᠠᠢ ᠪᠠᠶᠢᠵᠤ᠂ ᠴᠠᠭ ᠢᠮᠠᠭᠲᠠ ᠪᠡᠶ᠎ᠡ ᠪᠠᠨ ᠬᠢᠴᠢᠶᠡᠵᠦ᠂ ᠥᠪᠡᠷ ᠢ ᠪᠠᠨ ᠲᠤᠩᠭᠠᠵᠤ᠂ ᠥᠪᠡᠷ ᠢ ᠎ ᠪᠠᠨ ᠰᠡᠷᠡᠮᠵᠢᠯᠡᠭᠦᠯᠵᠦ᠂ ᠥᠪᠡᠷ ᠢ ᠪᠠᠨ ᠵᠣᠷᠢᠭᠵᠢᠭᠤᠯᠵᠤ᠂ ᠭᠠᠭᠴᠠᠭᠠᠷ ᠪᠠᠶᠢᠬᠤ ᠳᠠᠭᠠᠨ ᠪᠣᠯᠭᠤᠮᠵᠢᠲᠠᠢ᠂ ᠠᠩᠬ᠎ᠠ ᠠᠯᠬᠤᠮ ᠪᠣᠯᠭᠤᠮᠵᠢᠲᠠᠢ᠂ ᠨᠠᠷᠢᠨ ᠨᠢᠮᠪᠠᠢ᠂ ᠪᠣᠯᠭᠤᠮᠵᠢᠲᠠᠢ ᠨᠠᠶᠢᠵᠠ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠢᠮᠠᠭᠲᠠ ᠡᠷᠬᠡ ᠶᠢ ᠪᠢᠰᠢᠷᠡᠨ ᠵᠢᠷᠦᠬᠡᠰᠢᠶᠡᠬᠦ᠂ ᠵᠣᠬᠢᠶᠠᠨ ᠪᠠᠶᠢᠭᠤᠯᠤᠯᠲᠠ ᠶᠢ ᠪᠢᠰᠢᠷᠡᠨ ᠵᠢᠷᠦᠬᠡᠰᠢᠶᠡᠬᠦ᠂ ᠰᠠᠬᠢᠯᠭ᠎ᠠ ᠪᠠᠲᠤ ᠶᠢ ᠪᠢᠰᠢᠷᠡᠨ ᠵᠢᠷᠦᠬᠡᠰᠢᠶᠡᠬᠦ᠂ ᠣᠨᠴᠠ ᠡᠷᠬᠡ ᠶᠢᠨ ᠦᠵᠡᠯ ᠰᠠᠨᠠᠭ᠎ᠠ᠂ ᠣᠨᠴᠠ ᠡᠷᠬᠡ ᠶᠢᠨ ᠦᠵᠡᠭᠳᠡᠯ ᠢ ᠡᠷᠡᠰ ᠰᠡᠷᠭᠡᠶᠢᠯᠡᠨ ᠡᠰᠡᠷᠭᠦᠴᠡᠵᠦ᠂ ᠠᠷᠢᠭᠤᠨ ᠴᠢᠬᠡᠴᠢ ᠬᠥᠮᠦᠨ ᠪᠤᠯᠵᠤ᠂ ᠠᠷᠢᠭᠤᠨ ᠴᠢᠬᠡᠴᠢ ᠪᠠᠷ ᠠᠵᠢᠯᠯᠠᠵᠤ᠂ ᠬᠡᠷᠡᠭ ᠢ ᠪᠠᠭ᠎ᠠ ᠳᠡᠭᠡᠷ᠎ᠡ ᠨᠢ ᠰᠡᠷᠭᠡᠶᠢᠯᠡᠵᠦ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠶᠢ ᠬᠦᠯᠢᠶᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠠᠷᠠᠳᠴᠢᠯᠠᠯ ᠤᠨ ᠠᠮᠢᠳᠤᠷᠠᠯ ᠎ ᠤᠨ ᠬᠤᠷᠠᠯ ᠤᠨ ᠰᠡᠭᠦᠯᠴᠢ ᠶᠢᠨ ᠬᠠᠭᠠᠰ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号