ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠠᠶᠢᠷᠤᠪ ᠤᠨ ᠲᠤᠬᠤᠢ ᠲᠣᠭᠤᠷᠢᠭ ᠲᠤ ᠬᠠᠯᠠᠭᠤᠨ ᠲᠤᠰᠬᠠᠯ ᠭᠠᠷᠪᠠ
ᠨᠡᠶᠢᠲᠡᠯᠡᠭᠰᠡᠨ ᠴᠠᠭ᠄
2021/3/1
     2 ᠰᠠᠷ᠎ᠠ ᠶᠢᠨ 25᠎ ᠤ ᠦᠳᠡ ᠶᠢᠨ ᠡᠮᠦᠨ᠎ᠡ᠂ ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠱᠢᠶᠡᠴᠢ ᠶᠢᠨ ᠢᠷᠠᠭᠤ ᠠᠯᠳᠠᠷ ᠤᠨ ᠴᠣᠯᠠ ᠬᠦᠷᠳᠡᠭᠰᠡᠳ ᠲᠤ ᠱᠠᠩᠨᠠᠯ ᠣᠯᠭᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠶᠡᠭᠡ ᠬᠤᠷᠠᠯ ᠠᠴᠠ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ ᠬᠤᠪᠢ ᠬᠥᠮᠦᠨ᠂ ᠲᠡᠷᠢᠭᠦᠨ ᠤ ᠬᠠᠮᠲᠤ ᠶᠢ ᠬᠥᠬᠢᠭᠦᠯᠦᠨ ᠰᠠᠶᠢᠰᠢᠶᠠᠪᠠ᠃ ᠬᠠᠶᠢᠷᠤᠪ ᠤᠨ ᠲᠤᠬᠤᠢ ᠲᠣᠭᠤᠷᠢᠭ ᠤᠨ  ᠴᠡᠭᠡᠯ ᠠᠭᠤᠯᠠ ᠪᠠᠯᠭᠠᠰᠤᠨ ᠤ ᠲᠤᠸᠠᠨ ᠵᠢᠶᠧ ᠰᠢᠨ᠎ᠡ ᠲᠣᠰᠬᠤᠨ ᠳᠤ ᠪᠥᠬᠦ ᠤᠯᠤᠰ ᠤᠨ ᠶᠠᠳᠠᠭᠤ ᠎ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠭᠥᠯᠢᠶᠡᠨ ᠠᠪᠴᠤ ᠰᠣᠨᠣᠰᠬᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠵᠤ᠂ ᠡᠯ᠎ᠡ ᠲᠣᠰᠬᠤᠨ ᠳᠤ ᠰᠠᠭᠤᠭ᠎ᠠ ᠺᠠᠳ᠋ᠷ᠂ ᠨᠢᠭᠡᠳᠦᠭᠡᠷ ᠱᠦᠵᠢ ᠵᠢᠴᠢ ᠬᠡᠰᠡᠭ ᠶᠠᠳᠠᠭᠤ ᠠᠴᠠ ᠠᠩᠭᠢᠵᠢᠷᠠᠭᠰᠠᠨ ᠡᠷᠦᠬᠡ ᠨᠢᠭᠡ ᠲᠠᠩᠬᠢᠮ ᠳᠤ ᠴᠤᠭᠯᠠᠷᠠᠵᠤ᠂ ᠰᠡᠳᠬᠢᠯ ᠳᠣᠭᠳᠣᠯᠤᠭᠰᠠᠨ ᠰᠡᠳᠬᠢᠯᠭᠡ ᠪᠠᠷ ᠬᠤᠷᠠᠯ ᠤᠨ ᠪᠣᠳᠠᠲᠤ ᠪᠠᠶᠢᠳᠠᠯ ᠢ ᠭᠥᠯᠢᠶᠡᠨ ᠠᠪᠴᠤ ᠦᠵᠡᠵᠦ᠂ ᠬᠠᠯᠠᠭᠤᠨ ᠲᠤᠰᠬᠠᠯ ᠭᠠᠷᠪᠠ᠃
     ᠬᠠᠶᠢᠷᠤᠪ ᠤᠨ ᠲᠤᠬᠤᠢ ᠲᠣᠭᠤᠷᠢᠭ ᠤᠨ ᠬᠦᠯᠢᠶᠡᠨ ᠠᠪᠴᠤ ᠦᠵᠡᠵᠦ ᠪᠠᠶᠢᠭ᠎ᠠ ᠬᠤᠪᠢᠶᠠᠷᠢ ᠬᠤᠷᠠᠯ ᠤᠨ ᠲᠠᠯᠠᠪᠠᠢ ᠳᠤ᠂ ᠬᠤᠷᠠᠯ ᠳᠤ ᠣᠷᠣᠯᠴᠠᠭᠰᠠᠳ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠣᠨᠴᠠᠭᠠᠢ ᠫᠷᠤᠭ᠍ᠷᠠᠮ ᠢ ᠨᠠᠷᠢᠨ ᠬᠢᠨᠠᠮᠠᠭᠠᠢ ᠦᠵᠡᠵᠦ᠂ ᠪᠦᠬᠦ ᠤᠯᠤᠰ ᠤᠨ ᠡᠯ᠎ᠡ ᠭᠠᠵᠠᠷ ᠤᠨ ᠶᠠᠳᠠᠭᠤ ᠬᠦᠴᠢᠷᠳᠡᠯᠲᠡᠢ ᠰᠢᠶᠠᠨ᠂ ᠶᠠᠳᠠᠭᠤ ᠬᠦᠴᠢᠷᠳᠡᠯᠲᠡᠢ ᠲᠣᠰᠬᠤᠨ ᠤ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ ᠡᠴᠦᠰ ᠲᠡᠭᠡᠨ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠦᠭᠰᠡᠨ ᠲᠡᠮᠡᠴᠡᠯ ᠤᠨ ᠥᠩᠭᠡᠷᠡᠯᠲᠡ ᠶᠢ ᠪᠡᠶᠡᠴᠢᠯᠡᠨ ᠣᠶᠢᠯᠠᠭᠠᠪᠠ᠃ ᠶᠡᠷᠦᠩᠬᠡᠢ ᠱᠦᠵᠢ ᠰᠢ ᠶᠢᠨ ᠫᠢᠩ ᠤᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠲᠤᠬᠠᠢ ᠶᠢᠨ ᠲᠠᠯᠠᠪᠠᠢ ᠳᠤ ᠪᠠᠶᠢᠨ ᠪᠠᠶᠢᠨ ᠨᠢᠵᠢᠭᠢᠨᠡᠲᠡᠯ᠎ᠡ ᠠᠯᠠᠭ᠎ᠠ ᠲᠠᠰᠢᠵᠤ ᠪᠠᠶᠢᠯ᠎ᠠ᠃      ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠎ ᠶᠢ ᠤᠭᠲᠤᠬᠤ ᠴᠢᠬᠤᠯᠠ ᠴᠠᠭ ᠮᠥᠴᠡ ᠳᠤ᠂ ᠮᠠᠨ ᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠣᠯᠵᠠᠢ ᠭᠡᠵᠦ ᠲᠥᠪ ᠴᠢᠩᠭ᠎ᠠ ᠪᠠᠷ ᠲᠤᠩᠬᠠᠭᠯᠠᠪᠠ᠃ ᠨᠠᠮ ᠎ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠎ ᠤᠨ ᠲᠥᠪ ᠬᠤᠷᠢᠶ᠎ᠠ ᠲᠦᠭ ᠲᠦᠮᠡᠨ ᠠᠷᠠᠳ ᠲᠦᠮᠡᠨ ᠢ ᠬᠦᠳᠦᠯᠥᠨ ᠳᠠᠭᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠲᠡᠦᠬᠡᠲᠦ ᠴᠢᠨᠠᠷᠲᠠᠢ ᠳᠠᠪᠠᠯᠲᠠ ᠎ ᠶᠢ ᠪᠡᠶᠡᠯᠡᠭᠦᠯᠪᠡ᠃      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠹᠷᠣᠨᠲ ᠲᠤ ᠭᠤᠷᠪᠠᠨ ᠵᠢᠯ ᠭᠠᠷᠤᠢ ᠲᠡᠮᠡᠴᠡᠭᠰᠡᠨ ᠬᠠᠶᠢᠷᠤᠪ ᠤᠨ ᠲᠤᠬᠤᠢ ᠲᠣᠭᠤᠷᠢᠭ ᠤᠨ ᠴᠡᠭᠡᠯ ᠠᠭᠤᠯᠠ ᠪᠠᠯᠭᠠᠰᠤ ᠶᠢᠨ ᠸᠠᠩ ᠶᠤᠸᠠᠨ ᠳ᠋ᠢ ᠲᠣᠰᠬᠤᠨ ᠤ ᠨᠢᠭᠡᠳᠦᠭᠡᠷ ᠱᠦᠵᠢ ᠺᠦᠩ ᠸᠧᠢ᠄ 《 ᠪᠢ ᠮᠠᠰᠢ ᠤᠷᠮᠠᠰᠢᠨ ᠵᠣᠷᠢᠭᠵᠢᠵᠤ ᠪᠠᠶᠢᠨ᠎ᠠ᠂ ᠪᠢ ᠲᠡᠷᠢᠭᠦᠨ ᠤ ᠨᠥᠬᠦᠳ ᠠᠴᠠ ᠰᠤᠷᠤᠯᠴᠠᠵᠤ᠂ ᠲᠡᠳᠡᠨ ᠤ ᠲᠡᠷᠢᠭᠦᠨ ᠤ ᠲᠤᠷᠰᠢᠯᠭ᠎ᠠ ᠪᠣᠯᠤᠨ ᠰᠠᠶᠢᠨ ᠠᠷᠭ᠎ᠠ ᠬᠢᠳᠡᠯ ᠢ ᠰᠤᠷᠤᠯᠴᠠᠵᠤ᠂ ᠳᠠᠷᠠᠭᠠᠴᠢ ᠎ ᠶᠢᠨ ᠠᠵᠢᠯ ᠢᠶᠠᠨ ᠨᠡᠩ ᠰᠠᠶᠢᠨ ᠬᠢᠵᠦ᠂ ᠲᠤᠰ ᠭᠠᠵᠠᠷ ᠣᠷᠣᠨ ᠤ ᠬᠥᠳᠡᠭᠡ ᠲᠣᠰᠬᠤᠨ ᠤ ᠠᠷᠠᠳ ᠲᠦᠮᠡᠨ ᠤ ᠠᠮᠢᠳᠤᠷᠠᠯ ᠤᠨ ᠶᠠᠰᠤ ᠴᠢᠨᠠᠷ ᠢ ᠤᠯᠠᠮ ᠴᠢᠨᠠᠭᠰᠢᠳᠠ ᠳᠡᠭᠡᠭᠰᠢᠯᠡᠭᠦᠯᠦᠨ᠎ᠡ᠃ ᠡᠨᠡ ᠬᠡᠳᠦᠨ ᠵᠢᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠲᠠᠰᠤᠷᠠᠯᠲᠠ ᠦᠭᠡᠢ ᠠᠬᠢᠭᠤᠯᠤᠨ ᠨᠠᠶᠢᠳᠠᠪᠤᠷᠢᠵᠢᠭᠤᠯᠬᠤ ᠪᠠᠷ ᠳᠠᠮᠵᠢᠨ᠂ ᠮᠠᠨ ᠤ ᠲᠠᠷᠢᠶᠠᠯᠠᠬᠤ ᠣᠷᠣᠨ ᠤ ᠳᠦᠷᠰᠦ ᠪᠠᠶᠢᠳᠠᠯ ᠳᠤ ᠯᠤᠲᠤ ᠶᠡᠭᠡ ᠬᠤᠪᠢᠷᠠᠯᠲᠠ ᠭᠠᠷᠪᠠ ᠥᠩᠭᠡᠷᠡᠭᠰᠡᠨ ᠎ ᠤ ᠰᠢᠷᠣᠢ ᠶᠢᠨ ᠵᠠᠮ ᠤᠳᠤ ᠴᠣ ᠰᠢᠨ᠎ᠡ ᠴᠠᠷᠳᠠᠮᠠᠯ ᠵᠠᠮ ᠪᠣᠯᠵᠠᠢ᠃ ᠠᠶᠢᠯ ᠡᠷᠦᠬᠡ ᠶᠢᠨ ᠣᠷᠣᠯᠭ᠎ᠠ ᠪᠦᠷ ᠨᠡᠮᠡᠭᠳᠡᠪᠡ᠃ ᠥᠪᠡᠷ ᠤᠨ ᠵᠢᠵᠢᠭ ᠮᠠᠰᠢᠨ ᠲᠡᠷᠭᠡ ᠪᠠᠨ ᠬᠤᠳᠠᠯᠳᠤᠨ ᠠᠪᠴᠠᠢ᠂ ᠬᠤᠲᠠ ᠬᠥᠳᠡᠭᠡ ᠶᠢᠨ ᠵᠥᠷᠢᠶ᠎ᠡ ᠤᠯᠠᠮ ᠨᠢᠭᠡ ᠠᠯᠬᠤᠮ ᠪᠠᠭᠠᠰᠴᠤ ᠪᠠᠶᠢᠬᠤ ᠶᠢ ᠣᠯᠵᠤ ᠬᠠᠷᠠᠵᠠᠢ᠂ ᠲᠠᠷᠢᠶᠠᠯᠠᠬᠤ ᠣᠷᠣᠨ ᠪᠣᠯᠤᠨ ᠬᠤᠲᠠ ᠲᠣᠭᠤᠷᠢᠭ ᠤᠨ ᠰᠠᠭᠤᠭᠠᠯᠢ ᠠᠷᠠᠳ ᠤᠨ ᠰᠣᠯᠢᠯᠴᠠᠭ᠎ᠠ ᠤᠯᠠᠮ ᠭᠦᠨᠵᠡᠭᠡᠶᠢᠷᠡᠵᠦ ᠪᠠᠶᠢᠬᠤ ᠶᠢ ᠣᠯᠵᠤ ᠬᠠᠷᠠᠵᠠᠢ᠂ ᠨᠠᠩ ᠣᠯᠠᠨ ᠵᠠᠯᠠᠭᠤᠴᠤᠳ ᠪᠠᠰᠠ ᠨᠤᠲᠤᠭ ᠲᠠᠭᠠᠨ ᠬᠠᠷᠢᠵᠤ ᠦᠢᠯᠡᠰ ᠪᠣᠰᠬᠠᠬᠤ ᠳᠤᠷᠠᠲᠠᠢ ᠪᠠᠶᠢᠬᠤ ᠶᠢ ᠣᠯᠵᠤ ᠬᠠᠷᠠᠵᠠᠢ᠂ ᠮᠢᠨᠦ ᠦᠵᠡᠬᠦ ᠪᠠᠷ ᠳᠠᠷᠠᠭᠠᠴᠢ ᠶᠢᠨ ᠠᠯᠬᠤᠮ ᠤᠨ ᠲᠠᠷᠢᠶᠠᠯᠠᠬᠤ ᠣᠷᠣᠨ ᠤ ᠬᠥᠭᠵᠢᠯᠲᠡ ᠪᠣᠯ ᠨᠠᠩ ᠳᠠᠯᠳᠠ ᠬᠦᠴᠦᠨ ᠲᠠᠢ ᠶᠤᠮ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠪᠦᠬᠦ ᠲᠠᠯ᠎ᠠ ᠶᠢᠨ ᠢᠯᠠᠯᠲᠠ ᠨᠢ ᠲᠣᠰᠬᠤᠨ ᠳᠤ ᠰᠠᠭᠤᠭ᠎ᠠ ᠺᠠᠳ᠋ᠷ ᠤᠨ ᠨᠢᠭᠡᠳᠦᠭᠡᠷ ᠱᠦᠵᠢ ᠶᠢᠨ ᠠᠵᠢᠯ ᠨᠢ ᠵᠣᠭᠰᠣᠴᠠ ᠶᠢᠨ ᠲᠡᠮᠳᠡᠭ ᠵᠢᠷᠤᠭᠰᠠᠨ ᠢ ᠲᠥᠯᠥᠭᠡᠯᠡᠬᠦ ᠦᠭᠡᠢ᠂ ᠺᠦᠩ ᠸᠧᠢ ᠰᠤᠷᠪᠤᠯᠵᠢᠯᠠᠭᠴᠢ ᠳᠤ᠄《 ᠮᠠᠨ ᠤ ᠠᠵᠢᠯ ᠳᠠᠭᠤᠰᠤᠭ᠎ᠠ ᠦᠭᠡᠢ᠂ ᠳᠠᠷᠠᠭᠠᠴᠢ ᠎ ᠶᠢᠨ ᠠᠯᠬᠤᠮ ᠳᠤ ᠪᠢᠳᠡ ᠡᠳᠡᠭᠡᠷ ᠠᠵᠤ ᠦᠢᠯᠡᠰ ᠤᠨ ᠲᠦᠷᠦᠯ ᠵᠦᠢᠯ ᠤᠨ ᠳᠠᠯᠳᠠ ᠬᠦᠴᠦᠨ ᠢ ᠤᠯᠠᠮ ᠴᠢᠨᠠᠭᠰᠢᠳᠠ ᠠᠭᠤᠳᠠᠯᠵᠤ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠤᠨᠴᠠᠯᠢᠬᠳᠤ ᠲᠠᠷᠢᠵᠤ ᠲᠡᠵᠢᠭᠡᠬᠦ ᠦᠢᠯᠡᠰ ᠢ ᠤᠯᠠᠮ ᠴᠢᠨᠠᠭᠰᠢᠳᠠ ᠪᠤᠵᠠᠭᠠᠶᠢᠷᠠᠭᠤᠯᠵᠤ᠂ ᠰᠠᠶᠢᠲᠤᠷ ᠬᠢᠵᠦ᠂ ᠬᠦᠴᠦᠷᠬᠡᠭᠵᠢᠭᠦᠯᠵᠦ᠂ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠢ ᠮᠠᠨ ᠤ ᠠᠳᠡ ᠠᠴᠠ ᠭᠠᠷᠭᠠᠵᠤ᠂ ᠪᠦᠬᠦ ᠤᠯᠤᠰ ᠲᠤ ᠬᠦᠷᠭᠡᠨ᠎ᠡ᠃ ᠭᠠᠭᠴᠠ ᠬᠦ ᠲᠠᠷᠢᠶᠠᠯᠠᠬᠤ ᠣᠷᠣᠨ ᠤ ᠠᠷᠠᠳ ᠢᠷᠭᠡᠳ ᠤᠨ ᠣᠷᠣᠯᠭ᠎ᠠ ᠶᠢ ᠨᠡᠮᠡᠭᠳᠡᠭᠦᠯᠵᠦ᠂ ᠲᠠᠷᠢᠶᠠᠯᠠᠬᠤ ᠣᠷᠣᠨ ᠤ ᠠᠵᠤ ᠦᠶᠯᠡᠰ ᠢ ᠨᠠᠩ ᠢᠯᠡᠭᠦᠦ ᠬᠥᠭᠵᠢᠭᠦᠯᠪᠡᠯ ᠰᠠᠶ᠋ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠤᠯᠠᠮ ᠨᠢᠭᠡ ᠠᠯᠬᠤᠮ ᠪᠦᠲᠦᠮᠵᠢᠲᠡᠶ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ ᠴᠢᠳᠠᠨ᠎ᠠ᠃》      ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ  ᠴᠡᠭᠡᠯ ᠠᠭᠤᠯᠠ ᠪᠠᠯᠭᠠᠰᠤ ᠶᠢᠨ ᠲᠤᠸᠠᠨ ᠵᠢᠶᠧ ᠰᠢᠨ᠎ᠡ ᠲᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠠᠩ ᠮᠢᠩ ᠰᠢᠤᠸᠠᠨ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ ᠬᠤᠪᠢ ᠬᠥᠮᠦᠨ ᠤ ᠬᠤᠪᠢ ᠪᠠᠷ ᠶᠡᠭᠡ ᠬᠤᠷᠠᠯ ᠳᠡᠭᠡᠷ᠎ᠡ ᠬᠥᠬᠢᠭᠦᠯᠦᠭᠳᠡᠨ ᠰᠠᠶᠢᠰᠢᠶᠠᠭᠳᠠᠪᠠ᠃ ᠲᠡᠭᠦᠨ ᠲᠠᠢ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠭᠠᠷ ᠬᠤᠯᠪᠣᠨ ᠲᠡᠮᠡᠴᠡᠭᠰᠡᠨ ᠬᠠᠶᠢᠷᠤᠪ ᠤᠨ ᠲᠤᠬᠤᠢ ᠲᠣᠭᠤᠷᠢᠭ ᠤᠨ ᠴᠡᠭᠡᠯ ᠠᠭᠤᠯᠠ ᠪᠠᠯᠭᠠᠰᠤ ᠶᠢᠨ ᠲᠤᠸᠠᠨ ᠰᠢᠨ ᠲᠣᠰᠬᠤᠨ ᠤ ᠲᠣᠰᠬᠤᠨ ᠳᠤ ᠰᠠᠭᠤᠭ᠎ᠠ ᠺᠠᠳ᠋ᠷ ᠰᠢᠤᠸᠠᠢ ᠴᠢᠩ ᠹᠧᠩ᠄ 《 ᠮᠢᠨᠦ ᠬᠠᠮᠲᠤ ᠠᠵᠢᠯᠯᠠᠭᠴᠢ ᠠᠷᠠᠳ ᠤᠨ ᠶᠡᠭᠡ ᠬᠤᠷᠠᠯ ᠤᠨ ᠲᠠᠩᠬᠢᠮ ᠳᠤ ᠱᠠᠩᠨᠠᠯ ᠲᠤᠰᠪᠠ᠂ ᠮᠢᠨᠦ ᠰᠡᠳᠬᠢᠯ ᠮᠠᠰᠢ ᠳᠣᠭᠳᠣᠯᠵᠤ ᠪᠠᠶᠢᠨ᠎ᠠ᠃ᠡᠨᠡ ᠪᠣᠯ ᠮᠠᠨ ᠎ ᠤ ᠡᠳᠡᠭᠡᠷ ᠵᠢᠯ ᠤᠨ ᠠᠵᠢᠯ ᠤᠨ ᠲᠤᠬᠠᠢ ᠨᠤᠲᠠᠯᠠᠯᠲᠠ ᠮᠥᠨ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢᠶᠠᠷ ᠲᠠᠮᠵᠢᠨ ᠬᠠᠶᠢᠷᠤᠪ ᠤᠨ ᠲᠤᠬᠤᠢ ᠲᠣᠭᠤᠷᠢᠭ ᠤᠨ ᠴᠡᠭᠡᠯ ᠠᠭᠤᠯᠠ ᠪᠠᠯᠭᠠᠰᠤ ᠶᠢᠨ ᠡᠯ᠎ᠡ ᠲᠣᠰᠬᠤᠨ ᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠤᠨ ᠲᠦᠪᠰᠢᠨ ᠢᠯᠡᠳᠲᠡ ᠳᠡᠭᠡᠭᠰᠢᠯᠡᠵᠦ᠂ ᠲᠠᠷᠢᠶᠠᠯᠠᠬᠤ ᠣᠷᠣᠨ ᠤ ᠣᠷᠴᠢᠨ ᠲᠣᠭᠤᠷᠢᠨ  ᠶᠡᠭᠡ ᠪᠠᠷ ᠬᠤᠪᠢᠷᠠᠯᠲᠠ ᠭᠠᠷᠴᠤ᠂《 ᠠᠷᠠᠳ ᠢᠷᠭᠡᠳ ᠪᠠᠶᠠᠵᠢᠨ ᠴᠢᠨᠡᠭᠡᠯᠢᠭᠵᠢᠵᠦ᠂ ᠬᠥᠳᠡᠭᠡ ᠲᠣᠰᠬᠤᠨ ᠦᠵᠡᠰᠬᠦᠯᠡᠩᠲᠦ ᠰᠠᠶᠢᠬᠠᠨ ᠪᠣᠯᠬᠤ 》 ᠬᠠᠷᠠᠯᠲᠠ ᠶᠠᠪᠤᠬᠤ ᠲᠤᠳᠤᠮ ᠣᠶᠢᠷᠠᠳᠴᠤ ᠪᠠᠶᠢᠨ᠎ᠠ᠃ ᠰᠢᠤᠸᠠᠢ ᠴᠢᠩ ᠹᠧᠩ᠄ 《 ᠶᠠᠳᠠᠭᠤ ᠎ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠠᠮ ᠳᠤᠮᠳᠠ᠂ ᠪᠢ ᠵᠠᠷᠢᠮ ᠶᠠᠳᠠᠭᠤ ᠬᠦᠴᠢᠷᠳᠡᠯᠲᠡᠢ ᠡᠷᠦᠬᠡ ᠶᠠᠳᠠᠭᠤ ᠬᠦᠴᠢᠷᠳᠡᠯᠲᠡᠢ ᠪᠠᠶᠢᠭᠰᠠᠨ ᠠᠴᠠ ᠪᠠᠨ ᠶᠠᠳᠠᠭᠤ ᠠᠴᠠ ᠠᠩᠭᠢᠵᠢᠷᠠᠵᠤ᠂ ᠡᠯ᠎ᠡ ᠵᠦᠢᠯ ᠤᠨ ᠬᠡᠯᠪᠡᠷᠢ ᠪᠠᠷ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠨ ᠴᠢᠨᠡᠭᠡᠯᠢᠭᠵᠢᠬᠦ ᠶᠢ ᠪᠡᠶᠡᠯᠡᠭᠦᠯᠦᠭᠰᠡᠨ ᠢ ᠬᠠᠷᠠᠭᠠᠳ ᠮᠠᠨ ᠤ ᠠᠵᠢᠯ ᠲᠠᠯᠠᠭᠠᠷ ᠠᠵᠢᠯᠯᠠᠭᠰᠠᠨ ᠦᠭᠡᠢ       ᠰᠠᠶ᠋ᠢᠬᠠᠨ ᠲᠠᠷᠢᠶᠠᠯᠠᠬᠤ ᠣᠷᠣᠨ ᠳᠤ ᠢᠷᠡᠭᠰᠡᠨ ᠠᠴᠠ ᠨᠠᠭᠠᠰᠢ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠣᠶᠢᠯᠠᠭᠠᠬᠤ ᠦᠭᠡᠢ ᠪᠠᠶᠢᠬᠤ ᠪᠠ ᠳᠡᠮᠵᠢᠬᠦ ᠦᠭᠡᠢ ᠪᠠᠶᠢᠭᠰᠠᠨ ᠠᠴᠠ ᠪᠠᠨ ᠤᠳᠤ ᠢᠲᠡᠭᠡᠯ ᠳᠦᠭᠦᠷᠡᠩ ᠪᠤᠯᠵᠤ᠂ ᠪᠢᠳᠡᠨ ᠢ ᠲᠠᠭᠠᠵᠤ ᠬᠠᠮᠲᠤ ᠪᠠᠷ 《 ᠠᠵᠢᠯᠯᠠᠵᠤ 》᠂ ᠡᠳᠦᠷ ᠠᠴᠠ ᠡᠳᠦᠷ ᠬᠤᠪᠢᠷᠠᠵᠤ᠂ ᠲᠡᠳᠡ ᠠᠷᠪᠢᠨ ᠵᠣᠭᠤᠰ ᠣᠯᠵᠤ᠂ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠴᠤ ᠤᠯᠠᠮ ᠠᠴᠠ ᠤᠯᠠᠮ ᠢᠲᠡᠭᠡᠯ ᠎ ᠲᠠᠢ ᠪᠤᠯᠵᠤ᠂ ᠮᠠᠨ ᠤ ᠠᠵᠢᠯ ᠠᠷᠠᠳ ᠲᠦᠮᠡᠨ ᠤ ᠨᠤᠲᠠᠯᠠᠯᠲᠠ ᠶᠢ ᠣᠯᠤᠭᠰᠠᠨ ᠪᠠᠶᠢᠨ᠎ᠠ᠃ ᠮᠠᠨ ᠤ ᠲᠠᠷᠢᠶᠠᠯᠠᠬᠤ ᠣᠷᠣᠨ ᠤᠯᠠᠮ ᠠᠴᠠ ᠤᠯᠠᠮ ᠪᠠᠶᠠᠵᠢᠵᠤ᠂ ᠤᠯᠠᠮ ᠠᠴᠠ ᠤᠯᠠᠮ ᠭᠤᠶᠤ ᠪᠣᠯᠬᠤ ᠶᠢ ᠬᠦᠰᠡᠵᠦ ᠪᠠᠢᠨ᠎ᠠ      ᠴᠢᠨᠡᠭᠡᠯᠢᠭ ᠪᠣᠯᠤᠭᠰᠠᠨ ᠡᠰᠡᠬᠦ ᠶᠢᠨ ᠵᠠᠩᠭᠢᠯᠠᠭ᠎ᠠ ᠨᠢ ᠠᠷᠠᠳ ᠤᠨ ᠠᠮᠢᠳᠤᠷᠠᠯ ᠢ ᠦᠵᠡᠨ᠎ᠡ᠃ ᠮᠠᠨ ᠤ ᠤᠯᠤᠰ ᠎ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠨᠢ ᠲᠡᠦᠬᠡ ᠶᠢᠨ ᠬᠠᠭᠤᠳᠠᠰᠤᠨ ᠳᠤ ᠲᠡᠮᠳᠡᠭᠯᠡᠭᠳᠡᠬᠦ ᠬᠥᠮᠦᠨ ᠤ ᠶᠢᠷᠲᠢᠨᠴᠦ ᠶᠢᠨ ᠪᠠᠰᠠ ᠨᠢᠭᠡᠨ ᠭᠠᠶᠢᠬᠠᠮᠰᠢᠭ ᠢ ᠡᠭᠦᠳᠪᠡ ᠃ᠡᠨᠡ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠠᠭᠤᠤ ᠶᠡᠭᠡ ᠢᠷᠠᠭᠤ ᠠᠯᠳᠠᠷ ᠮᠥᠨ᠂ ᠳᠤᠮᠳᠠᠳᠤ ᠤᠯᠤᠰ ᠎ ᠤᠨ ᠡᠪ ᠬᠠᠮᠲᠤ ᠨᠠᠮ ᠤᠨ ᠠᠭᠤᠤ ᠶᠡᠭᠡ ᠢᠷᠠᠭᠤ ᠠᠯᠳᠠᠷ ᠮᠥᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠢᠷᠠᠭᠤ ᠠᠯᠳᠠᠷ ᠮᠥᠨ᠃ 9899 ᠲᠦᠮᠡᠨ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ . 832 ᠶᠠᠳᠠᠭᠤ ᠬᠦᠴᠢᠷᠳᠡᠯᠲᠡᠶ ᠰᠢᠶᠠᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃12 . 8 ᠲᠦᠮᠡᠨ ᠶᠠᠳᠠᠭᠤ ᠬᠦᠴᠢᠷᠳᠡᠯᠲᠡᠶ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠣᠷᠣᠨ ᠪᠦᠰᠡ ᠶᠢᠨ ᠴᠢᠨᠠᠷᠲᠠᠶ ᠪᠦᠬᠦᠯᠢ ᠴᠣᠭᠴᠠ ᠶᠢᠨ ᠶᠠᠳᠠᠭᠤ ᠬᠦᠴᠢᠷᠳᠡᠯ ᠢ ᠰᠢᠶᠳᠪᠦᠷᠢᠯᠡᠪᠡ .....ᠨᠢᠭᠡ ᠳᠤᠭᠤᠶᠢᠯᠠᠩ ᠳᠤᠭᠤᠶᠢᠯᠠᠩ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠠᠮᠵᠢᠯᠲᠠ ᠪᠦᠲᠦᠮᠵᠢ ᠶᠢ ᠢᠯᠡᠷᠡᠭᠦᠯᠦᠭᠰᠡᠨ ᠲᠤᠭ᠎ᠠ ᠨᠢ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠭᠰᠠᠳ ᠢ ᠮᠠᠰᠢ ᠳᠣᠭᠳᠣᠯᠤᠭᠤᠯᠪᠠ᠃      ᠶᠠᠳᠠᠭᠤ ᠠᠴᠠ ᠠᠩᠭᠢᠵᠢᠷᠠᠭᠰᠠᠨ ᠡᠷᠦᠬᠡ ᠬᠠᠨ ᠱᠧᠩ ᠬᠠᠢ ᠪᠠᠰᠠ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠯᠲᠡ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠎ ᠤᠨ ᠰᠢᠭᠤᠳ ᠨᠡᠪᠲᠡᠷᠡᠭᠦᠯᠭᠡ ᠶᠢ ᠬᠦᠯᠢᠶᠡᠨ ᠠᠪᠴᠤ ᠦᠵᠡᠪᠡ᠂ ᠲᠡᠷᠡ ᠪᠦᠬᠦ ᠤᠯᠤᠰ ᠤᠨ ᠡᠯ᠎ᠡ ᠭᠠᠵᠠᠷ ᠤᠨ ᠬᠡᠳᠦᠨ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠥᠪᠡᠷ ᠤᠨ ᠬᠤᠶᠠᠷ ᠭᠠᠷ ᠢᠶᠠᠷ ᠢᠶᠠᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠭᠰᠠᠨ ᠢ ᠦᠵᠡᠭᠡᠳ ᠮᠠᠰᠢ ᠪᠠᠶᠠᠷᠯᠠᠪᠠ᠃ ᠣᠷᠴᠢᠮ᠂ ᠲᠡᠭᠦᠨ ᠤ ᠭᠡᠷ ᠤᠨ ᠲᠠᠷᠢᠭᠰᠠᠨ  ᠨᠤᠭᠤᠭ᠎ᠠ ᠨᠢ ᠬᠤᠶᠠᠳᠤᠭᠠᠷ ᠤᠳᠠᠭ᠎ᠠ ᠪᠠᠰᠠ ᠪᠣᠯᠪᠠᠰᠤᠷᠠᠵᠠᠢ᠂ ᠪᠠᠰᠠ ᠰᠠᠶᠢᠨ ᠦᠨ᠎ᠡ ᠪᠠᠷ ᠬᠤᠳᠠᠯᠳᠤᠵᠤ ᠪᠣᠯᠤᠨ᠎ᠠ᠃ ᠲᠡᠷᠡ᠄ 《 ᠪᠢ ᠲᠤᠶᠢᠯ ᠢᠶᠠᠷ ᠤᠷᠮᠠᠰᠢᠨ ᠵᠣᠷᠢᠭᠵᠢᠵᠤ᠂ ᠲᠤᠶᠢᠯ ᠢᠶᠠᠷ ᠣᠮᠣᠭᠰᠢᠵᠤ ᠪᠠᠶᠢᠨ᠎ᠠ᠃ ᠮᠢᠨᠦ ᠣᠳᠣ ᠶᠢᠨ ᠠᠮᠢᠳᠤᠷᠠᠯ ᠤᠯᠠᠮ ᠠᠴᠠ ᠤᠯᠠᠮ ᠰᠠᠶᠢᠨ ᠪᠣᠯᠵᠤ᠂ ᠲᠠᠷᠢᠵᠤ ᠲᠡᠵᠢᠭᠡᠬᠦ ᠨᠢ ᠪᠠᠰᠠ ᠠᠭᠠᠵᠢᠮ ᠢᠶᠠᠷ ᠬᠥᠭᠵᠢᠵᠦ᠂ ᠪᠢ ᠬᠤᠵᠢᠮ ᠎ ᠤᠨ ᠠᠮᠢᠳᠤᠷᠠᠯ ᠳᠤ ᠨᠠᠩ ᠢᠲᠡᠭᠡᠯ ᠲᠠᠢ ᠪᠣᠯᠵᠠᠢ! 》᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号