ᠹᠧᠩ ᠰᠢᠤ ᠮᠸᠢ
ᠨᠡᠶᠢᠲᠡᠯᠡᠭᠰᠡᠨ ᠴᠠᠭ᠄
2021/3/1
     ᠤᠳᠤᠷᠢᠳᠤᠯᠭ᠎ᠠ ᠶᠢᠨ ᠲᠠᠨᠢᠯᠴᠠᠭᠤᠯᠭ᠎ᠠ  ᠄  ᠹᠧᠩ ᠰᠢᠤ ᠮᠸᠢ᠂ ᠡᠮᠡᠭᠲᠠᠢ᠂ ᠬᠢᠲᠠᠳ ᠦᠨᠳᠦᠰᠦᠲᠡᠨ᠂ 1969 ᠤᠨ ᠤ 11 ᠳ᠋ᠤᠭᠡᠷ ᠰᠠᠷ᠎ᠠ ᠳᠤ ᠦᠪᠤᠷ ᠮᠤᠩᠭᠤᠯ ᠤᠨ ᠲᠦᠮᠡᠳ ᠪᠠᠷᠠᠭᠤᠨ ᠬᠤᠰᠢᠭᠤᠨ ᠳᠤ ᠲᠦᠷᠦᠪᠡ᠂ 1991 ᠤᠨ ᠤ 9 ᠳ᠋ᠤᠭᠡᠷ ᠰᠠᠷ᠎ᠠ ᠳᠤ ᠠᠵᠢᠯ ᠳᠤ ᠤᠷᠤᠯᠴᠠᠵᠦ᠂ ᠠᠵᠢᠯᠴᠢᠨ ᠲᠠᠷᠢᠶᠠᠴᠢᠨ ᠤ ᠨᠠᠮ᠂ ᠰᠤᠳᠤᠯᠬᠤ ᠰᠤᠷᠤᠭᠴᠢ ᠶᠢᠨ ᠰᠤᠷᠤᠯᠭ᠎ᠠ ᠶᠢᠨ ᠨᠠᠮᠳᠡᠷ ᠲᠠᠢ᠂ ᠦᠪᠤᠷ ᠮᠤᠩᠭᠤᠯ ᠤᠨ ᠨᠠᠮ ᠤᠨ ᠰᠤᠷᠭᠠᠭᠤᠯᠢ ᠶᠢᠨ ᠰᠤᠳᠤᠯᠬᠤ ᠰᠤᠷᠤᠭᠴᠢ ᠶᠢᠨ ᠠᠩᠬᠢ᠂ ᠬᠠᠤᠯᠢ ᠴᠠᠭᠠᠵᠠ ᠤᠨ ᠲᠤᠰᠬᠠᠢ ᠮᠡᠷᠭᠡᠵᠢᠯ ᠠᠴᠠ ᠲᠡᠭᠦᠰᠴᠦ᠂ ᠨᠠᠷᠢᠨ ᠪᠤᠳᠤᠭᠴᠢ      ᠲᠤᠰᠢᠶᠠᠯ᠄  ᠤᠳᠤ ᠬᠠᠶᠢᠷᠤᠪ ᠤᠨ ᠲᠤᠬᠤᠢ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠃      ᠠᠵᠢᠯ ᠤᠨ ᠬᠤᠪᠢᠶᠠᠷᠢᠯᠠᠯ᠄ ᠡᠷᠬᠢᠯᠡᠭᠴᠢ ᠶᠢᠨ ᠠᠵᠢᠯ ᠢ ᠬᠠᠪᠰᠤᠷᠤᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠷᠢᠭᠤᠴᠠᠬᠤ ᠪᠦᠭᠡᠳ ᠲᠤᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠦᠨᠳᠦᠰᠦᠲᠡᠨ ᠱᠠᠰᠢᠨ ᠰᠣᠷᠲᠠᠬᠤᠨ ᠤ ᠬᠡᠷᠡᠭ ᠡᠷᠬᠢᠯᠡᠬᠦ ᠲᠤᠪᠴᠢᠶ᠎ᠠ᠂ ᠬᠠᠤᠯᠢ ᠴᠠᠭᠠᠵᠠ ᠶᠢᠨ ᠲᠤᠪᠴᠢᠶ᠎ᠠ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶ᠎ᠠ ᠳᠤ ᠬᠢᠨᠠᠯᠲᠠ ᠲᠠᠯᠪᠢᠵᠦ ᠪᠠᠶᠢᠴᠠᠭᠠᠨ ᠰᠤᠳᠤᠯᠤᠯᠲᠠ ᠬᠢᠬᠦ ᠠᠵᠢᠯ ᠢ ᠬᠠᠷᠢᠭᠤᠴᠠᠵᠦ᠂ ᠦᠨᠳᠦᠰᠦᠲᠡᠨ ᠤ ᠬᠠᠤᠯᠢ ᠳᠦᠷᠢᠮ ᠤᠨ ᠠᠵᠢᠯ ᠤᠨ ᠵᠦᠪᠯᠡᠯ ᠢ ᠬᠤᠪᠢᠳᠠᠨ ᠬᠠᠮᠢᠶᠠᠷᠴᠦ᠂ ᠨᠢᠭᠡᠳᠤᠮᠡᠯ ᠹᠷᠤᠨᠲ ᠤᠨ ᠬᠡᠯᠳᠡᠰ᠂ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ᠂ ᠠᠷᠠᠳ ᠤᠨ ᠵᠡᠪᠰᠡᠭᠲᠤ ᠬᠦᠴᠦᠨ ᠤ ᠬᠡᠯᠲᠡᠰ᠂ ᠳᠣᠲᠤᠭᠠᠲᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠵᠡᠷᠭᠡ  ᠪᠠᠶᠢᠭᠤᠯᠭ᠎ᠠ ᠲᠠᠢ ᠬᠠᠷᠢᠯᠴᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号