ᠭᠤᠸᠠᠨ ᠵᠢᠶᠠᠨ ᠾᠦᠢ
ᠨᠡᠶᠢᠲᠡᠯᠡᠭᠰᠡᠨ ᠴᠠᠭ᠄
2021/3/1
                         ᠤᠳᠤᠷᠢᠳᠤᠯᠭ᠎ᠠ ᠶᠢᠨ ᠲᠠᠨᠢᠯᠴᠠᠭᠤᠯᠭ᠎ᠠ ᠭᠤᠸᠠᠨ ᠵᠢᠶᠠᠨ ᠾᠦᠢ᠂ ᠡᠷᠡᠭᠲᠡᠢ᠂ ᠮᠣᠩᠭᠤᠯ ᠦᠨᠳᠦᠰᠦᠲᠡᠨ᠂ 1980 ᠤᠨ ᠤ 10 ᠰᠠᠷ᠎ᠠ ᠳᠤ ᠲᠥᠷᠥᠵᠡᠢ᠃ ᠥᠪᠥᠷ ᠮᠣᠩᠭᠤᠯ ᠤᠨ ᠤᠯᠠᠭᠠᠨᠬᠠᠳᠠ ᠶᠢᠨ ᠬᠥᠮᠦᠨ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 2002 ᠣᠨ ᠤ 12 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 2007 ᠣᠨ ᠤ 7 ᠰᠠᠷ᠎ᠠ ᠳᠤ ᠠᠵᠢᠯ ᠳᠤ ᠭᠠᠷᠴᠠᠢ᠃       ᠤᠳᠤ ᠬᠠᠶᠢᠷᠤᠪ ᠤᠨ ᠲᠤᠬᠤᠢ ᠲᠣᠭᠤᠷᠢᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃      ᠠᠵᠢᠯ ᠤᠨ ᠡᠭᠦᠷᠭᠡ ᠬᠠᠷᠢᠭᠤᠴᠠᠯᠭ᠎ᠠ᠄ ᠲᠣᠭᠤᠷᠢᠭ ᠤᠨ ᠳᠠᠷᠤᠭ᠎ᠠ ᠶᠢ ᠬᠠᠮᠵᠢᠨ ᠦᠨᠳᠦᠰᠦᠲᠡᠨ ᠤ ᠬᠡᠷᠡᠭ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠵᠠᠰᠠᠭ ᠤᠨ ᠶᠠᠪᠤᠳᠠᠯ ᠤᠨ ᠤᠶᠢᠯᠡᠴᠢᠯᠡᠭᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠴᠤ ᠪᠦᠬᠦᠢ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ ᠪᠠᠭᠲᠠᠨ᠎ᠠ︶᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠬᠦ ᠡᠷᠬᠡ ᠶᠢᠨ ᠲᠣᠪᠴᠢᠶ᠎ᠠ᠂ ᠢᠳᠡᠭᠡᠨ ᠤ ᠠᠶᠤᠯ ᠦᠭᠡᠶ ᠶᠢᠨ ᠵᠥᠪᠯᠡᠯ ᠤᠨ ᠠᠯᠪᠠᠨ ᠭᠡᠷ ᠪᠠᠭᠲᠠᠨ᠎ᠠ︶᠂ ᠲᠣᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ︵ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠪᠠᠭᠲᠠᠨ᠎ᠠ︶᠃    ᠲᠣᠭᠤᠷᠢᠭ ᠤᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ ᠲᠠᠢ ᠬᠠᠷᠢᠯᠴᠠᠨ᠎ᠠ᠃    ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠬᠦ ᠬᠡᠷᠡᠭᠲᠡᠶ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号