ᠰᠣᠳᠣᠪᠢᠯᠢᠡ
ᠨᠡᠶᠢᠲᠡᠯᠡᠭᠰᠡᠨ ᠴᠠᠭ᠄
2021/3/1
    ᠰᠤᠳᠤᠪᠢᠯᠢᠭ᠌᠂ ᠡᠷᠡᠭᠲᠡᠢ᠂ ᠮᠣᠩᠭᠤᠯ ᠦᠨᠳᠦᠰᠦᠲᠡᠨ᠂ 1979 ᠣᠨ ᠤ 12 ᠰᠠᠷ᠎ᠠ ᠳᠤ ᠲᠦᠷᠦᠵᠠᠢ᠂ 2003 ᠣᠨ ᠤ 7 ᠰᠠᠷ᠎ᠠ ᠳᠤ ᠠᠵᠢᠯ ᠳᠤ ᠭᠠᠷᠴᠤ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠡᠦᠬᠡ ᠶᠢᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠠᠴᠠ ᠲᠡᠭᠦᠰᠴᠡᠢ᠂ ᠥᠪᠥᠷ ᠮᠣᠩᠭᠤᠯ ᠤᠨ ᠲᠦᠩᠯᠢᠶᠣᠤ ᠶᠢᠨ ᠬᠥᠮᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠲᠠᠢ᠃    ᠠᠵᠢᠯ ᠤᠨ ᠡᠭᠦᠷᠭᠡ ᠬᠠᠷᠢᠭᠤᠴᠠᠯᠭ᠎ᠠ᠄ ᠲᠣᠭᠤᠷᠢᠭ ᠤᠨ ᠳᠠᠷᠤᠭ᠎ᠠ ᠶᠢ ᠬᠠᠮᠵᠢᠨ ᠡᠨᠧᠷᠭᠢ᠂ ᠪᠠᠶᠢᠭᠠᠯᠢ ᠶᠢᠨ ᠡᠬᠢ ᠪᠠᠶᠠᠯᠢᠭ ︵ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠪᠠ ᠣᠶ ᠰᠢᠭᠤᠶ᠂ ᠨᠤᠲᠤᠭ ᠪᠡᠯᠴᠢᠭᠡᠷ ᠤᠨ ᠬᠡᠰᠡᠭ︶᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ︵︽ᠠᠭᠤᠷᠬᠠᠶ ᠶᠢ ᠵᠠᠰᠠᠬᠤ︾᠂ ︽ᠬᠡᠢ ᠶᠢ ᠵᠠᠰᠠᠬᠤ︾᠂ ︽ᠲᠡᠷᠭᠡ ᠶᠢ ᠵᠠᠰᠠᠬᠤ︾᠂ ︽ᠵᠠᠮ ᠢ ᠵᠠᠰᠠᠬᠤ︾᠂ ᠵᠠᠮ ᠬᠠᠷᠢᠯᠴᠠᠭ᠎ᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠳᠪᠦᠷᠢ ᠶᠢᠨ ᠠᠵᠤ ᠠᠬᠤᠶ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠣᠭᠤᠷᠢᠭ ᠤᠨ ᠡᠨᠧᠷᠭᠢ ᠶᠢᠨ ᠲᠣᠪᠴᠢᠶ᠎ᠠ ︵ᠡᠨᠧᠷᠭᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠠᠭᠲᠠᠨ᠎ᠠ︶᠂ ᠬᠠᠶᠢᠷᠤᠪ ᠤᠨ ᠲᠣᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶ᠎ᠠ᠂ ᠲᠣᠭᠤᠷᠢᠭ ᠤᠨ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ︵ᠠᠵᠤ ᠠᠬᠤᠶ ᠶᠢᠨ ᠬᠠᠮᠲᠤᠷᠠᠯᠴᠠᠭᠠᠨ ᠤ ᠲᠠᠯ᠎ᠠ ᠪᠠᠷ︶᠎ ᠢ ᠬᠤᠪᠢᠳᠠᠨ ᠬᠠᠮᠢᠶᠠᠷᠤᠨ᠎ᠠ᠃    ᠲᠤᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠲᠤᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠂ ᠲᠤᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠠᠶᠢᠷᠤᠪ ᠤᠨ ᠲᠤᠬᠤᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠤᠪᠴᠢᠶ᠎ᠠ ︵ᠠᠭᠤᠷᠬᠠᠢ ᠶᠢᠨ ᠤᠷᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠬᠡᠰᠡᠭ︶᠂ ᠬᠠᠶᠢᠷᠤᠪ ᠤᠨ ᠲᠤᠬᠤᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠤᠪᠴᠢᠶ᠎ᠠ ︵ᠬᠤᠳᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠶᠢᠨ ᠬᠠᠶᠢᠷᠤᠪ ᠤᠨ ᠲᠤᠬᠤᠢ ᠶᠢᠨ ᠬᠤᠪᠢᠶᠠᠷᠢ ᠲᠤᠪᠴᠢᠶ᠎ᠠ ᠪᠠᠭᠲᠠᠨ᠎ᠠ︶᠂ ᠲᠤᠭᠤᠷᠢᠭ ᠤᠨ ᠠᠵᠤ ᠦᠢᠯᠡᠳᠪᠦᠷᠢ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠦᠬᠠᠢ ᠶᠢᠨ ᠴᠠᠬᠢᠯᠭᠠᠨ ᠦᠢᠯᠡᠰ ᠤᠨ ᠲᠤᠪᠴᠢᠶ᠎ᠠ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠦᠬᠠᠢ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ᠶᠢᠨ ᠦᠬᠠᠢ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠦᠬᠠᠢ ᠶᠢᠨ ᠬᠤᠪᠢᠶᠠᠷᠢ ᠺᠣᠮᠫᠠᠨᠢ ᠵᠡᠷᠭᠡ ᠨᠢᠭᠡᠴᠢ ᠲᠠᠢ ᠬᠠᠷᠢᠯᠴᠠᠨ᠎ᠠ᠃    ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号