ᠵᠠᠮ ᠮᠦᠷ ᠬᠡᠳᠤᠢ ᠤᠯᠠᠨ ᠪᠤᠯᠪᠠᠴᠤ ᠠᠮᠤᠷ ᠲᠦᠪᠰᠢᠨ ᠢ ᠠᠩᠬᠠᠷᠬᠤ ᠨᠢ ᠴᠢᠬᠤᠯᠠ
ᠨᠡᠶᠢᠲᠡᠯᠡᠭᠰᠡᠨ ᠴᠠᠭ᠄
2021/3/10
     ᠪᠣᠯᠪᠠᠰᠤᠨ ᠡᠮᠬᠢ ᠳᠢᠭᠯᠢᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠤᠶ ᠪᠣᠯᠭᠠᠵᠤ᠂ ᠬᠤᠲᠠ ᠳᠤ ᠰᠠᠶᠢᠨ ᠰᠠᠶᠢᠬᠠᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠤᠶ ᠪᠣᠯᠭᠠᠵᠤ ᠥᠭᠬᠦ ᠬᠡᠷᠡᠭᠲᠡᠶ᠃ 3 ᠰᠠᠷ᠎ᠠ ᠶᠢᠨ 9᠎ ᠤ ᠡᠳᠦᠷ᠂ ᠬᠠᠶᠢᠪᠸᠢ ᠵᠡᠭᠡᠯᠢ ᠭᠤᠳᠤᠮᠵᠢ ᠶᠢᠨ ᠴᠢᠩ ᠱᠠᠨ ᠨᠡᠶᠢᠭᠡᠮ ᠲᠣᠭᠤᠷᠢᠭ ᠤᠨ ᠬᠢᠨ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ ᠶᠢ ᠪᠠᠷᠢᠮᠲᠠᠯᠠᠵᠤ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠠᠵᠢᠯ ᠢ ᠭᠦᠨᠵᠡᠭᠡᠶᠢᠷᠡᠭᠦᠯᠦᠨ ︽ ᠵᠠᠮ ᠮᠦᠷ ᠬᠡᠳᠤᠢ ᠤᠯᠠᠨ ᠪᠤᠯᠪᠠᠴᠤ ᠠᠮᠤᠷ ᠲᠦᠪᠰᠢᠨ ᠢ ᠠᠩᠬᠠᠷᠬᠤ ᠨᠢ ᠴᠢᠬᠤᠯᠠ︾ ᠪᠣᠯᠪᠠᠰᠤᠨ ᠵᠠᠮ ᠬᠠᠷᠢᠯᠴᠠᠭᠠᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠵᠠᠮ ᠬᠠᠷᠢᠯᠴᠠᠭᠠᠨ ᠤ ᠲᠦᠷᠢᠮ ᠢ ᠵᠢᠷᠤᠮᠯᠠᠨ᠂ ᠪᠣᠯᠪᠠᠰᠤᠨ ᠢᠶᠠᠷ ᠶᠠᠪᠤᠵᠤ ᠰᠠᠭᠤᠬᠤ ᠪᠣᠯᠭᠠᠵᠠᠶ᠃
      ᠡᠨᠡ ᠤᠳᠠᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠤᠯᠠᠮ ᠨᠢᠭᠡ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠪᠣᠯᠤᠨ ᠥᠪᠡᠷ ᠢ ᠪᠠᠨ ᠰᠡᠷᠭᠡᠶᠢᠯᠡᠬᠦ ᠤᠬᠠᠮᠰᠠᠷ ᠢ ᠴᠢᠩᠭᠠᠳᠬᠠᠵᠤ᠂ ᠰᠠᠭᠤᠭᠠᠯᠢ ᠠᠷᠠᠳ ᠢ ᠪᠣᠯᠪᠠᠰᠤᠨ ᠢᠶᠠᠷ ᠶᠠᠪᠤᠵᠤ ᠰᠠᠭᠤᠬᠤ ᠰᠠᠶᠢᠨ ᠳᠠᠳᠬᠠᠯ ᠲᠠᠢ ᠪᠣᠯᠭᠠᠵᠤ᠂ ᠪᠣᠯᠪᠠᠰᠤᠨ ᠵᠠᠮ ᠬᠠᠷᠢᠯᠴᠠᠭᠠᠨ ᠤ ᠠᠭᠤᠷ ᠠᠮᠢᠰᠬᠤᠯ ᠢ ᠪᠤᠢ ᠪᠣᠯᠭᠠᠵᠤ᠂ ᠨᠡᠩ ᠤᠯᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠪᠣᠯᠪᠠᠰᠤᠨ ᠵᠠᠮ ᠬᠠᠷᠢᠯᠴᠠᠭᠠᠨ ᠤ ᠤᠬᠠᠭᠤᠯᠤᠭᠴᠢ ᠪᠠ ᠦᠢᠯᠡᠳᠦᠯᠭᠡᠵᠢᠭᠦᠯᠦᠭᠴᠢ ᠪᠣᠯᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠬᠤᠳᠠ ᠶᠢᠨ ᠬᠡᠪᠴᠢᠶᠡᠨ ᠤ ᠨᠡᠶᠢᠭᠡᠮ ᠤᠨ ᠣᠳᠣᠬᠢᠴᠢᠯᠠᠯᠲᠠ ᠶᠢᠨ ᠵᠠᠰᠠᠯᠲᠠ ᠳᠤ ᠤᠬᠠᠮᠰᠠᠷ ᠠᠴᠠ ᠪᠠᠨ ᠣᠷᠣᠯᠴᠠᠬᠤ ᠶᠢ ᠠᠬᠢᠭᠤᠯᠵᠤ᠂ ᠤᠯᠠᠨ ᠨᠡᠶᠢᠲᠡ ᠶᠢᠨ ᠶᠣᠰᠣ ᠰᠤᠷᠲᠠᠬᠤᠨ ᠢ ᠵᠢᠷᠤᠮᠯᠠᠵᠤ᠂ ᠬᠠᠮᠲᠤ ᠪᠠᠷ ᠦᠬᠠᠢ ᠬᠤᠳᠠ ᠶᠢᠨ ᠬᠤᠳᠠ ᠶᠢᠨ ᠬᠡᠪᠴᠢᠶᠡᠨ ᠤ ᠨᠡᠶᠢᠭᠡᠮ ᠤᠨ ᠣᠳᠣᠬᠢᠴᠢᠯᠠᠯᠲᠠ ᠶᠢᠨ ᠵᠠᠰᠠᠯᠲᠠ ᠳᠤ ᠬᠤᠪᠢ ᠨᠡᠮᠡᠷᠢ ᠪᠠᠨ ᠦᠵᠡᠭᠦᠯᠬᠦ ᠪᠣᠯᠭᠠᠨ᠎ᠠ᠃
     ᠬᠥᠮᠦᠨ ᠪᠦᠷᠢ ᠨᠢᠭᠡ ᠪᠠᠭ᠎ᠠ ᠠᠯᠬᠤᠮ ᠢᠶᠠᠷ ᠴᠢᠷᠮᠠᠶᠢᠵᠤ᠂ ᠬᠤᠳᠠ ᠶᠢᠨ ᠪᠣᠯᠪᠠᠰᠤᠨ ᠨᠢᠭᠡ ᠶᠡᠭᠡ ᠠᠯᠬᠤᠮ ᠢᠶᠠᠷ ᠤᠷᠤᠭᠰᠢᠯᠠᠵᠤ᠂ ᠬᠠᠶᠢᠪᠸᠢ ᠵᠡᠭᠡᠯᠢ ᠭᠤᠳᠤᠮᠵᠢ ᠶᠢᠨ ᠴᠢᠩ ᠱᠠᠨ ᠨᠡᠶᠢᠭᠡᠮ ᠲᠣᠭᠤᠷᠢᠭ ᠤᠨ ᠬᠢᠨ ᠤᠯᠠᠨ ᠢ ᠤᠷᠢᠶᠠᠯᠠᠭᠠᠳ᠄ ᠪᠣᠯᠪᠠᠰᠤᠨ ᠢᠶᠠᠷ ᠲᠡᠷᠭᠡ ᠪᠠᠨ ᠵᠣᠭᠰᠣᠭᠠᠵᠤ᠂ ᠪᠣᠯᠪᠠᠰᠤᠨ ᠢᠶᠠᠷ ᠠᠶᠠᠯᠠᠵᠤ᠂ ᠨᠡᠩ ᠰᠠᠭᠠᠳ ᠦᠭᠡᠢ ᠨᠡᠪᠲᠡᠷᠡᠬᠦ᠂ ᠠᠮᠤᠷ ᠲᠦᠪᠰᠢᠨ᠂ ᠪᠣᠯᠪᠠᠰᠤᠨ᠂ ᠡᠶ᠎ᠡ ᠵᠣᠬᠢᠴᠠᠩᠭᠤᠢ᠂ ᠨᠥᠬᠦᠷᠰᠡᠭ ᠰᠠᠶᠢᠬᠠᠨ ᠬᠤᠳᠠ ᠶᠢᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠬᠤ ᠬᠡᠷᠡᠭᠲᠡᠢ ᠭᠡᠪᠡ᠃ ᠬᠤᠶᠢᠰᠢᠳᠠ ᠪᠢᠳᠡ ᠨᠡᠩ ᠤᠯᠠᠨ ᠰᠠᠭᠤᠭᠠᠯᠢ ᠠᠷᠠᠳ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠤᠬᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠵᠠᠮ ᠬᠠᠷᠢᠯᠴᠠᠭᠠᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ᠂ ᠪᠣᠯᠪᠠᠰᠤᠨ ᠢᠶᠠᠷ ᠶᠠᠪᠤᠵᠤ ᠰᠠᠭᠤᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号