ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠶᠢᠴᠢᠯᠠᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/10
     3 ᠰᠠᠷ᠎ᠠ ᠶᠢᠨ 9᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠶᠢᠴᠢᠯᠠᠯᠳᠠ ᠶᠢᠨ ᠬᠤᠷᠠᠯ ᠬᠤᠷᠠᠯᠳᠤᠪᠠ᠃
     ᠬᠤᠷᠠᠯ ᠠᠴᠠ ᠲᠥᠪ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠶᠢᠴᠢᠯᠠᠯᠳᠠ ᠶᠢᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤ ᠲᠠᠶᠢᠴᠢᠯᠠᠯᠳᠠ ᠪᠠᠶᠢᠷᠢᠯᠠᠭᠤᠯᠤᠯᠲᠠ ᠬᠢᠵᠡᠢ᠃       ᠬᠤᠷᠠᠯ ᠠᠴᠠ᠂ ᠪᠦᠬᠦ ᠨᠠᠮ ᠤᠨ ᠬᠡᠪᠴᠢᠶᠡᠨ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠨᠠᠮ ᠤᠨ ᠵᠠᠭᠤᠨ ᠵᠢᠯ ᠤᠨ ᠲᠡᠦᠬᠡ ᠶᠢᠨ ᠰᠢᠨ᠎ᠡ ᠭᠠᠷᠤᠭ᠎ᠠ ᠳᠤ ᠰᠠᠭᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠣᠯᠤᠨ ᠳᠡᠯᠡᠬᠡᠢ ᠶᠢᠨ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠪᠦᠬᠦ ᠨᠠᠮ ᠪᠦᠬᠦ ᠤᠯᠤᠰ ᠢ ᠳᠠᠶᠢᠴᠢᠯᠠᠨ ᠢᠲᠡᠭᠡᠯ ᠲᠡᠭᠦᠯᠳᠡᠷ ᠢᠶᠠᠷ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠳᠤ ᠣᠷᠣᠯᠴᠠᠭᠤᠯᠬᠤ ᠶᠢᠨ ᠲᠥᠯᠥᠭᠡ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠣᠯᠤᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠶᠢᠴᠢᠯᠠᠯᠳᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡ ᠶᠢᠨ ᠡᠭᠦᠷᠭᠡᠲᠦ ᠰᠡᠳᠬᠢᠯᠭᠡ ᠪᠠᠷ ᠰᠤᠷᠤᠯᠴᠠᠯᠭ᠎ᠠ ᠬᠥᠮᠦᠵᠢᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠶᠡᠷᠦᠩᠬᠡᠢ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠡᠮᠬᠢ ᠵᠢᠷᠤᠮ ᠲᠠᠢ ᠪᠦᠲᠦᠮᠵᠢᠲᠡᠢ ᠰᠠᠶᠢᠲᠤᠷ ᠠᠳᠬᠤᠬᠤ ᠬᠡᠷᠡᠭᠲᠡᠢ᠃ ᠲᠤᠰᠬᠠᠢ ᠰᠡᠳᠦᠪᠲᠦ ᠰᠤᠷᠤᠯᠴᠠᠯᠭ᠎ᠠ ᠶᠢ ᠥᠷᠨᠢᠭᠦᠯᠬᠦ᠂ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠬᠤ᠂ ᠲᠤᠰᠬᠠᠢ ᠰᠡᠳᠦᠪᠲᠦ ᠪᠣᠯᠪᠠᠰᠤᠷᠠᠯ ᠢ ᠵᠣᠬᠢᠶᠠᠨ ᠪᠠᠶᠢᠭᠤᠯᠬᠤ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠬᠦ᠂ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠪᠠ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠬᠤᠷᠠᠯᠳᠤᠭᠤᠯᠬᠤ ᠬᠡᠯᠪᠡᠷᠢ ᠪᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠢᠳᠡᠪᠬᠢᠲᠡᠢ ᠥᠷᠨᠢᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ  ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ︽ᠲᠦᠷᠪᠡᠨ ᠤᠬᠠᠮᠰᠠᠷ︾᠎ ᠢ ᠴᠢᠩᠭᠠᠳᠬᠠᠬᠤ᠂ ︽ᠲᠦᠷᠪᠡᠨ ᠢᠲᠡᠭᠡᠯ︾᠎ ᠢ ᠪᠠᠲᠤᠳᠬᠠᠬᠤ᠂ ︽ᠬᠤᠶᠠᠷ ᠢ ᠬᠠᠮᠠᠭᠠᠯᠠᠬᠤ︾᠎ ᠶᠢᠨ ᠴᠢᠬᠤᠯᠠ ᠦᠢᠯᠡᠳᠦᠯᠭᠡ ᠶᠢ ᠪᠡᠶᠡᠯᠡᠭᠦᠯᠵᠦ᠂ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠰᠠᠶᠢᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠯᠠᠪᠳᠠᠭᠤᠨ ᠪᠠᠲᠤᠲᠠᠢ ᠠᠬᠢᠭᠤᠯᠵᠤ᠂ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠨᠠᠮ ᠤᠨ  ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠭᠤᠣᠯ ᠬᠠᠷᠢᠭᠤᠴᠠᠯᠭᠠᠲᠠᠨ ᠨᠥᠬᠦᠳ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠥᠪᠡᠷ ᠤᠨ ᠪᠡᠶ᠎ᠡ ᠪᠠᠷ ᠢᠶᠠᠨ ᠠᠷᠭ᠎ᠠ ᠰᠦᠪᠡᠭᠴᠢᠯᠡᠬᠦ᠂ ᠲᠦᠯᠬᠢᠨ ᠠᠬᠢᠭᠤᠯᠬᠤ ᠶᠢ ᠠᠳᠬᠤᠬᠤ᠂ ᠨᠠᠶᠢᠳᠠᠪᠤᠷᠢᠵᠢᠭᠤᠯᠬᠤ ᠶᠢ ᠠᠳᠬᠤᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠪᠠᠶᠢᠭᠤᠯᠤᠮᠵᠢ ᠨᠢᠭᠡᠳᠦᠯᠲᠡᠢ ᠲᠥᠯᠥᠪᠵᠢᠭᠦᠯᠦᠨ ᠶᠡᠷᠦᠩᠬᠡᠢ ᠠᠵᠢᠯ ᠢ ᠠᠳᠬᠤᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠲᠣᠭᠤᠷᠢᠨ ᠵᠢᠯᠣᠭᠤᠳᠬᠤ ᠳᠤᠭᠤᠶᠢᠯᠠᠩ ᠤᠨ ᠬᠢᠨ ᠵᠢᠭᠠᠨ ᠵᠢᠯᠣᠭᠤᠳᠴᠤ ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠤᠨ ᠵᠢᠱᠢᠭᠰᠡᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠲᠡᠦᠬᠡ ᠶᠢᠨ ᠪᠣᠳᠠᠰᠴᠢ ᠦᠵᠡᠯᠲᠡ ᠶᠢ ᠪᠠᠷᠢᠮᠲᠠᠯᠠᠨ᠂ ᠵᠥᠪ ᠵᠣᠭᠰᠣᠯᠲᠠ᠂ ᠦᠵᠡᠯᠲᠡ᠂ ᠠᠷᠭ᠎ᠠ ᠪᠠᠷ ᠨᠠᠮ ᠤᠨ ᠲᠡᠦᠬᠡ ᠳᠤ ᠬᠠᠨᠳᠤᠵᠤ᠂ ᠲᠡᠦᠬᠡ ᠶᠢᠨ ᠦᠭᠡᠶᠢᠰᠬᠡᠬᠦ ᠦᠵᠡᠯ ᠢ ᠲᠤᠭ ᠲᠡᠮᠳᠡᠭ ᠲᠣᠳᠣᠷᠬᠠᠶ ᠪᠠᠷ ᠡᠰᠡᠷᠭᠦᠴᠡᠵᠦ᠂ ᠨᠠᠮ ᠤᠨ ᠭᠡᠰᠢᠭᠦᠨ᠂ ᠺᠠᠳ᠋ᠷ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠥᠪ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠤᠯᠤᠰ ᠣᠷᠣᠨ ᠤ ᠦᠵᠡᠯᠲᠡ᠂ ᠰᠣᠶᠣᠯ ᠤᠨ ᠦᠵᠡᠯᠲᠡ ᠶᠢ ᠪᠤᠢ ᠪᠣᠯᠭᠠᠬᠤ ᠬᠡᠷᠡᠭᠲᠡᠶ᠃ ᠰᠤᠷᠲᠠᠯ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠠᠵᠢᠯ ᠢ ᠴᠢᠩᠭᠠᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ ᠭᠡᠵᠤ ᠴᠢᠬᠤᠯᠠᠴᠢᠯᠠᠵᠠᠢ᠃      ᠬᠤᠷᠠᠯ ᠠᠴᠠ᠂ ᠲᠡᠦᠬᠡ ᠰᠤᠷᠤᠯᠴᠠᠵᠦ ᠶᠣᠰᠣ ᠤᠴᠢᠷ ᠢ ᠣᠶᠢᠯᠠᠭᠠᠬᠤ᠂ ᠲᠡᠦᠬᠡ ᠰᠤᠷᠤᠯᠴᠠᠵᠦ ᠢᠲᠡᠭᠡᠯᠴᠡᠭᠡ ᠪᠠᠨ ᠨᠡᠮᠡᠭᠳᠡᠭᠦᠯᠬᠦ᠂ ᠲᠡᠦᠬᠡ ᠰᠤᠷᠤᠯᠴᠠᠵᠦ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠰᠤᠷᠤᠯᠴᠠᠵᠦ ᠴᠢᠷᠮᠠᠶᠢᠨ ᠬᠡᠷᠡᠭᠵᠢᠭᠦᠯᠬᠦ ᠬᠠᠷᠠᠯᠲᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠨᠠᠮ ᠤᠨ ᠲᠡᠦᠬᠡ ᠠᠴᠠ ᠵᠥᠪ ᠪᠤᠷᠤᠭᠤ ᠬᠤᠶᠠᠷ ᠲᠠᠯ᠎ᠠ ᠶᠢᠨ ᠲᠡᠦᠬᠡ ᠶᠢᠨ ᠲᠤᠷᠰᠢᠯᠭ᠎ᠠ ᠶᠢ ᠰᠢᠩᠭᠡᠭᠡᠨ ᠠᠪᠴᠤ᠂ ᠨᠡᠩ ᠡᠷᠡᠰ ᠪᠠᠲᠤ ᠤᠬᠠᠮᠰᠠᠷ ᠠᠴᠠ ᠪᠠᠨ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠬᠡᠷᠡᠭᠲᠡᠢ᠃ ᠦᠵᠡᠯ ᠰᠠᠨᠠᠭᠠᠨ ᠤ ᠠᠤᠭ᠎ᠠ ᠬᠦᠴᠦᠨ ᠢ ᠭᠦᠨᠵᠡᠭᠡᠢ ᠣᠶᠢᠯᠠᠭᠠᠵᠤ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠤᠯᠤᠰ ᠲᠦᠷᠦ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ᠃ ᠨᠠᠮᠴᠢ ᠴᠢᠨᠠᠷ ᠤᠨ ᠵᠣᠷᠢᠯᠲᠠ ᠶᠢᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠮᠠᠷᠺᠰ ᠤᠨ ᠦᠵᠡᠯ ᠤᠨ ᠲᠦᠷᠦ ᠶᠢᠨ ᠨᠠᠮ ᠤᠨ ᠢᠯᠡ ᠲᠣᠳᠣ ᠮᠥᠨ ᠴᠢᠨᠠᠷ ᠢ ᠢᠮᠠᠭᠲᠠ ᠪᠠᠷᠢᠮᠲᠠᠯᠠᠬᠤ ᠬᠡᠷᠡᠭᠲᠡᠢ  ᠃ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ ᠰᠢᠰᠲ᠋ᠧᠮ ᠢ ᠭᠦᠨᠵᠡᠭᠡᠢ ᠣᠶᠢᠯᠠᠭᠠᠵᠤ᠂ ᠰᠢᠨ᠎ᠡ ᠠᠶᠠᠨ ᠵᠠᠮ ᠳᠤ ᠣᠷᠣᠬᠤ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ ᠴᠤᠭ ᠰᠦᠯᠳᠡ ᠪᠠᠨ ᠦᠨᠡᠨᠬᠦ ᠪᠠᠳᠠᠷᠠᠭᠤᠯᠬᠤ ᠬᠡᠷᠡᠭᠲᠡᠢ᠃ ᠲᠡᠦᠬᠡ ᠶᠢᠨ ᠵᠢᠮ᠎ᠡ ᠶᠣᠰᠣ ᠶᠢ ᠭᠦᠨᠵᠡᠭᠡᠶ ᠡᠵᠡᠮᠳᠡᠵᠦ᠂ ᠲᠡᠦᠬᠡ ᠶᠢᠨ ᠲᠤᠷᠰᠢᠯᠭ᠎ᠠ ᠶᠢ ᠳ᠋ᠦᠩᠨᠡᠨ᠂ ᠠᠶᠤᠯ ᠲᠦᠭᠰᠢᠭᠦᠷᠢ ᠪᠠ ᠥᠷᠢᠰᠥᠯᠳᠦᠭᠡᠨ ᠢ ᠠᠷᠭᠠᠴᠠᠬᠤ᠂ ᠠᠵᠢᠯ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠴᠢᠳᠠᠪᠤᠷᠢ ᠪᠠ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ ᠡᠭᠦᠨ ᠤ ᠬᠠᠮᠲᠤ᠂ ᠤᠳᠤᠷᠢᠳᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠢᠭᠠᠨ ᠵᠢᠯᠣᠭᠤᠳᠴᠤ ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠵᠥᠪ ᠣᠨᠣᠪᠴᠢᠲᠠᠢ ᠨᠠᠮ ᠤᠨ ᠲᠡᠦᠬᠡ ᠶᠢᠨ ᠦᠵᠡᠯᠲᠡ ᠶᠢ ᠪᠤᠢ ᠪᠣᠯᠭᠠᠵᠤ᠂ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠠᠶᠢᠷᠤᠪ ᠤᠨ ᠲᠤᠬᠤᠢ ᠲᠤᠭᠤᠷᠢᠭ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号