ᠣᠷᠴᠢᠨ ᠠᠬᠤᠶ ᠶᠢᠨ ᠶᠠᠰᠤ ᠴᠢᠨᠠᠷ ᠢ ᠰᠠᠶᠢᠵᠢᠷᠠᠭᠤᠯᠵᠤ ᠠᠮᠢ ᠠᠬᠤᠶ ᠶᠢᠨ ᠳᠤᠲᠠᠭᠤᠳᠠᠯ ᠢ ᠨᠥᠬᠦᠪᠥᠷᠢᠯᠡᠨ᠎ᠡ— ᠬᠠᠶᠢᠷᠤᠪ ᠤᠨ ᠲᠤᠬᠤᠢ ᠲᠣᠭᠤᠷᠢᠭ ᠤᠨ 2021 ᠣᠨ ᠤ ᠠᠮᠢ ᠠᠬᠤᠢ ᠣᠷᠴᠢᠨ ᠲᠣᠭᠤᠷᠢᠨ ᠤ ᠠᠵᠢᠯ ᠤᠨ ᠲᠤᠬᠠᠢ ᠪᠠᠷᠠᠯᠠᠯ
ᠨᠡᠶᠢᠲᠡᠯᠡᠭᠰᠡᠨ ᠴᠠᠭ᠄
2021/3/11
       ᠨᠢᠳᠤᠨᠤᠨ ᠠᠴᠠ ᠨᠠᠰᠢ᠂ ᠬᠠᠶᠢᠷᠤᠪ ᠤᠨ ᠲᠤᠬᠤᠢ ᠶᠢᠨ ᠲᠣᠭᠤᠷᠢᠭ ᠤᠨ ᠬᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠢ ᠠᠬᠢᠭᠤᠯᠵᠤ᠂ ᠰᠢᠨ᠎ᠡ ᠪᠠᠷ ᠨᠡᠮᠡᠭᠳᠡᠭᠰᠡᠨ ᠣᠶᠢᠵᠢᠭᠤᠯᠤᠯᠲᠠ ᠶᠢᠨ ᠲᠠᠯᠠᠪᠠᠢ 1500 ᠮᠦ᠂ ᠨᠣᠭᠤᠭᠠᠷᠠᠭᠤᠯᠤᠭᠰᠠᠨ ᠭᠠᠵᠠᠷ ᠤᠨ ᠲᠠᠯᠠᠪᠠᠢ 200 ᠮᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠪᠦᠬᠦᠯᠢ ᠴᠣᠭᠴᠠ ᠪᠠᠷ ᠢᠶᠠᠨ ᠳᠡᠭᠡᠭᠰᠢᠯᠡᠪᠡ᠃ᠬᠠᠲᠤᠨ ᠭᠤᠤᠯ ᠤᠨ ᠰᠠᠪᠠ ᠭᠠᠵᠠᠷ ᠤᠨ ᠬᠠᠶᠢᠷᠤᠪ ᠤᠨ ᠪᠤᠯᠤᠩ ᠤᠨ ᠬᠡᠰᠡᠭ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠤᠰᠤ ᠪᠠᠷ ᠬᠤᠲᠠ ᠶᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠨ᠂ ᠭᠤᠤᠯ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠤᠰᠤᠨ ᠤ ᠡᠬᠢ ᠪᠠᠶᠠᠯᠢᠭ ᠤᠨ ᠳᠠᠯᠳᠠ ᠬᠦᠴᠦᠨ ᠢ ᠠᠭᠤᠳᠠᠯᠬᠤ ᠡᠷᠴᠢᠮ ᠢ ᠴᠢᠩᠭᠠᠷᠠᠭᠤᠯᠵᠤ᠂ ᠳᠤᠮᠳᠠᠬᠢ ᠤᠰᠤ᠂ ᠰᠡᠶᠢᠷᠡᠭ ᠬᠠᠭᠤᠷᠠᠶ ᠤᠰᠤ ᠵᠡᠷᠭᠡ ᠤᠯᠠᠮᠵᠢᠯᠠᠯᠲᠤ ᠪᠤᠰᠤ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃ ᠬᠡᠦᠷᠰᠢᠭᠦᠯᠬᠦ ᠠᠵᠤ  ᠤᠶᠢᠯᠡᠰ ᠢ ᠳᠠᠬᠢᠨ ᠵᠣᠬᠢᠶᠠᠨ ᠪᠠᠶᠢᠭᠤᠯᠬᠤ ᠶᠢ ᠲᠦᠷᠭᠡᠳᠬᠡᠨ ᠬᠡᠷᠡᠭᠵᠢᠭᠦᠯᠵᠦ᠂ ᠠᠵᠤ ᠤᠶᠢᠯᠡᠤᠡᠪᠤᠷᠢ ᠶᠢᠨ ᠡᠨᠧᠷᠭᠢ ᠠᠷᠪᠢᠯᠠᠬᠤ ᠶᠢ ᠣᠨᠣᠰᠢᠯᠠᠬᠤ ᠪᠠ ᠬᠢᠨᠠᠨ ᠪᠠᠶᠢᠴᠠᠭᠠᠬᠤ ᠶᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠵᠢᠶᠠᠨ ᠯᠦᠩ᠂ ᠴᠢᠶᠠᠨ  ᠹᠧᠩ ᠵᠡᠷᠭᠡ 6 ᠠᠵᠤ ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ᠂ ᠬᠠᠶᠢᠷᠤᠪ ᠤᠨ  ᠲᠤᠬᠤᠢ ᠎ ᠶᠢᠨ ᠠᠵᠤ ᠤᠶᠢᠯᠡᠤᠡᠪᠤᠷᠢ ᠶᠢᠨ ᠬᠦᠷᠢᠶᠡᠯᠡᠩ ᠤᠨ ᠣᠷᠴᠢᠯ ᠠᠵᠤ ᠠᠬᠤᠶ ᠶᠢᠨ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠤᠨ ᠬᠦᠷᠢᠶᠡᠯᠡᠩ ᠲᠣᠭᠤᠷᠢᠭ ᠢᠶᠠᠷ ᠳᠡᠮᠵᠢᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠰᠢᠯᠭᠠᠨ ᠬᠤᠷᠢᠶᠠᠬᠤ ᠶᠢ ᠤᠷᠤᠭᠰᠢᠲᠠᠶ ᠥᠩᠭᠡᠷᠡᠭᠦᠯᠪᠡ᠃      ᠡᠨᠡ ᠵᠢᠯ᠂ ᠬᠠᠶᠢᠷᠤᠪ ᠤᠨ ᠲᠤᠬᠤᠢ ᠲᠤᠭᠤᠷᠢᠭ ᠨᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠳᠤ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠠᠮᠢ ᠠᠬᠤᠢ ᠶᠢᠨ ᠰᠠᠭᠤᠷᠢ ᠶᠢ ᠪᠠᠬᠢᠵᠢᠭᠦᠯᠵᠦ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠦᠢᠯᠡᠳᠦᠯᠭᠡ ᠶᠢᠨ ᠰᠠᠭᠤᠷᠢᠨ ᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃ ᠬᠠᠶᠢᠷᠤᠪ ᠤᠨ ᠲᠤᠬᠤᠢ ᠶᠢᠨ ᠲᠣᠭᠤᠷᠢᠭ ᠤᠨ ᠬᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠠ ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠪᠠᠬᠢᠵᠢᠭᠦᠯᠵᠦ᠂ ︽ᠬᠦᠬᠡ ᠣᠭᠲᠠᠷᠭᠤᠢ᠂ ᠴᠡᠩᠬᠡᠷ ᠤᠰᠤ᠂ ᠴᠡᠪᠡᠷ ᠬᠥᠷᠥᠰᠥ᠂ ᠬᠥᠬᠡᠮᠳᠦᠭ ᠠᠭᠤᠯᠠ︾᠎ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠶᠡᠭᠡ ᠬᠦᠴᠦ ᠣᠷᠣᠭᠤᠯᠵᠤ ᠪᠠᠶᠢᠭᠠᠳ ᠠᠭᠠᠷ ᠮᠠᠨᠳᠠᠯ ᠤᠨ ᠣᠷᠴᠢᠨ ᠲᠣᠭᠤᠷᠢᠨ ᠢ  ᠵᠠᠰᠠᠨ ᠰᠠᠶᠢᠵᠢᠷᠠᠭᠤᠯᠤᠨ᠎ᠠ      ᠨᠢᠳᠤᠨᠤᠨ᠂ ᠬᠠᠶᠢᠷᠤᠪ ᠤᠨ ᠲᠤᠬᠤᠢ ᠲᠣᠭᠤᠷᠢᠭ ᠲᠤ ᠠᠭᠠᠷ ᠮᠠᠨᠳᠠᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ 84 ᠳᠦᠷᠦᠯ ᠵᠦᠢᠯ ᠢ ᠬᠡᠷᠡᠭᠵᠢᠭᠦᠯᠵᠦ᠂ ᠡᠭᠦᠨ ᠳᠤ᠂ ᠠᠵᠤ ᠤᠶᠢᠯᠡᠤᠡᠪᠤᠷᠢ ᠶᠢᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠵᠠᠰᠠᠬᠤ ᠲᠥᠷᠥᠯ  ᠵᠤᠶᠢᠯ 6᠂ ᠨᠡᠭᠦᠷᠡᠰᠦᠨ ᠳᠠᠪᠬᠤᠷᠭ᠎ᠠ ᠵᠢᠴᠢ ᠨᠡᠭᠦᠷᠡᠰᠦᠨ ᠴᠢᠯᠠᠭᠤ ᠥᠪᠡᠰᠦᠪᠡᠨ ᠰᠢᠲᠠᠬᠤ ᠶᠢ ᠵᠠᠰᠠᠬᠤ ᠲᠥᠷᠥᠯ  ᠵᠤᠶᠢᠯ 1᠂ ᠲᠠᠷᠠᠬᠠᠶ ᠨᠡᠭᠦᠷᠡᠰᠦᠨ ᠤ ᠪᠣᠬᠢᠷᠲᠤᠯ ᠢ ᠵᠠᠰᠠᠬᠤ ᠲᠥᠷᠥᠯ  ᠵᠤᠶᠢᠯ 2᠂ ᠲᠣᠭᠤᠰᠣ ᠳᠡᠭᠳᠡᠬᠦ ᠶᠢ ᠶᠡᠷᠦᠩᠬᠡᠶᠢᠯᠡᠨ ᠵᠠᠰᠠᠬᠤ ᠲᠥᠷᠥᠯ  ᠵᠤᠶᠢᠯ 10᠂ ᠵᠠᠳᠠᠭᠠᠶ ᠠᠭᠤᠷᠬᠠᠶ ᠶᠢᠨ ᠲᠣᠭᠤᠰᠣ ᠳᠡᠭᠳᠡᠬᠦ ᠶᠢ ᠵᠠᠰᠠᠬᠤ ᠲᠥᠷᠥᠯ ᠵᠤᠶᠢᠯ 9᠂ ᠪᠤᠰᠤᠳ ᠠᠵᠢᠯ ᠲᠥᠷᠥᠯ ᠤᠨ ᠠᠭᠠᠷ ᠮᠠᠨᠳᠠᠯ ᠤᠨ ᠪᠣᠬᠢᠷᠲᠤᠯ ᠢ ᠵᠠᠰᠠᠬᠤ ᠲᠥᠷᠥᠯ ᠵᠤᠶᠢᠯ 2᠂ ᠠᠵᠤ ᠤᠶᠢᠯᠡᠤᠡᠪᠤᠷᠢ ᠶᠢᠨ ᠵᠤᠤᠬ᠎ᠠ ᠶᠢᠨ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠲᠥᠷᠥᠯ ᠵᠤᠶᠢᠯ 49᠂ ᠲᠥᠯᠥᠪᠯᠡᠭᠡ ᠠᠴᠠ ᠭᠠᠳᠠᠭᠤᠷᠬᠢ ᠲᠥᠷᠥᠯ ᠵᠤᠶᠢᠯ 5 ᠪᠣᠶ᠃ ᠵᠢᠯ ᠤᠨ ᠡᠴᠦᠰ ᠪᠣᠯᠲᠠᠯ᠎ᠠ᠂ 62 ᠲᠥᠷᠥᠯ ᠵᠤᠶᠢᠯ ᠢ ᠨᠢᠭᠡᠨᠲᠡ ᠪᠡᠶᠡᠯᠡᠭᠦᠯᠵᠦ᠂ 4 ᠲᠥᠷᠥᠯ ᠵᠤᠶᠢᠯ ᠢ ᠨᠢᠭᠡᠨᠲᠡ ᠠᠵᠢᠯ ᠡᠬᠢᠯᠡᠭᠦᠯᠦᠨ᠂ ᠣᠷᠳᠣ ᠬᠤᠭᠤᠴᠠᠭ᠎ᠠ ᠪᠠᠷ  ᠤᠶᠢᠯᠡᠤᠡᠪᠤᠷᠢᠯᠡᠯ ᠢᠶᠠᠨ ᠵᠣᠭᠰᠣᠭᠰᠠᠨ ᠠᠴᠠ ᠪᠣᠯᠵᠣ 15 ᠲᠥᠷᠥᠯ ᠵᠤᠶᠢᠯ ᠢ ᠠᠵᠢᠯ ᠡᠬᠢᠯᠡᠭᠦᠯᠦᠭᠡᠳᠦᠶ᠂ 3 ᠲᠥᠷᠥᠯ ᠵᠤᠶᠢᠯ ᠢ ᠠᠵᠢᠯ ᠡᠬᠢᠯᠡᠭᠦᠯᠦᠭᠡᠳᠦᠶ ᠪᠠᠶᠢᠨ᠎ᠠ᠃      ᠡᠨᠡ ᠵᠢᠯ᠂ ᠬᠠᠶᠢᠷᠤᠪ ᠤᠨ ᠲᠤᠬᠤᠢ ᠶᠢᠨ ᠲᠣᠭᠤᠷᠢᠭ ᠤᠨ ᠬᠢᠨ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠬᠦ ᠬᠤᠯᠪᠣᠭᠠᠯᠠᠨ ᠡᠵᠡᠮᠳᠡᠬᠦ ᠬᠤᠯᠪᠣᠭᠠᠯᠠᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠴᠠᠬᠢᠯᠭᠠᠨ ᠬᠥᠳᠡᠯᠭᠡᠭᠦᠷ ᠵᠢᠴᠢ ᠤᠰᠤᠲᠥ᠋ᠷᠥᠭᠴᠢ ᠡᠨᠧᠷᠭᠢ ᠵᠡᠷᠭᠡ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠪᠣᠷᠣᠯᠠᠭᠤᠯᠭ᠎ᠠ ᠶᠢ ᠢᠳᠡᠪᠬᠢᠲᠡᠢ ᠳᠡᠯᠭᠡᠷᠡᠭᠦᠯᠤᠨ᠎ᠡ᠃ ᠬᠡᠦᠷᠰᠢᠭᠦᠯᠦᠭᠰᠡᠨ ᠠᠵᠤ ᠠᠬᠤᠶᠢᠯᠠᠯ ᠤᠨ ᠣᠨᠴᠠᠭᠠᠶ ᠭᠠᠳᠠᠭᠰᠢᠯᠠᠭᠤᠯᠤᠯᠲᠠ ᠶᠢᠨ ᠬᠢᠵᠠᠭᠠᠷ ᠬᠡᠮᠵᠢᠭᠳᠡᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠡ ᠶᠢ ᠪᠡᠶᠡᠯᠡᠭᠦᠯᠵᠦ᠂ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ ᠠᠵᠤ ᠠᠬᠤᠶᠢᠯᠠᠯ ᠢ ᠶᠡᠭᠡ ᠪᠠᠷ ᠴᠡᠭᠴᠡᠯᠡᠨ ᠵᠠᠰᠠᠨ᠎ᠠ᠃ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠎ᠠ᠃ ᠪᠠᠷᠢᠯᠭ᠎ᠠ ᠶᠢᠨ ᠠᠵᠢᠯ ᠤᠨ ᠭᠠᠵᠠᠷ ᠤᠨ ︽ᠵᠢᠷᠭᠤᠭᠠᠨ ᠵᠠᠭᠤᠨ ᠤ ᠵᠠᠭᠤ︾᠎ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠡᠪᠡᠷ ᠡᠨᠧᠷᠭᠢ ᠪᠠᠷ ᠳᠤᠯᠠᠭᠠᠯᠠᠬᠤ ᠪᠠ ᠬᠡᠷ ᠪᠠᠶᠢᠰᠢᠩ ᠤᠨ ᠲᠥᠪᠯᠡᠷᠡᠭᠦᠯᠦᠨ ᠢᠯᠴᠢ ᠬᠠᠩᠭᠠᠬᠤ ᠶᠢ ᠥᠭᠡᠷᠡᠴᠢᠯᠡᠬᠦ ᠵᠡᠷᠭᠡ ᠠᠵᠢᠯ ᠢ ᠢᠳᠡᠪᠬᠢᠲᠡᠶ ᠰᠠᠶᠢᠲᠤᠷ ᠬᠢᠵᠦ᠂ 2021 ᠣᠨ ᠤ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠭ᠊ ᠭᠦᠢᠴᠡᠤᠡᠭᠡᠯ ᠲᠤᠭ᠎ᠠ ᠶᠢᠨ ᠡᠭᠦᠷᠭᠡ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃      ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠶᠢᠨ ᠲᠣᠭᠤᠷᠢᠭ ᠤᠨ ᠬᠢᠨ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠤᠨ ᠠᠬᠢᠭᠤᠯᠵᠤ᠂ ᠠᠭᠠᠷ ᠮᠠᠨᠳᠠᠯ ᠤᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠦᠨᠡᠨᠬᠦ ᠨᠠᠷᠢᠯᠢᠭ ᠪᠣᠳᠠᠲᠠᠢ ᠬᠢᠨ᠎ᠠ᠃ ᠨᠢᠭᠡ ᠳᠤ᠂ ᠬᠤᠭ ᠲᠣᠭᠤᠰᠣᠨ ᠤ ᠪᠣᠬᠢᠷᠲᠤᠯ ᠢ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠬᠤᠭ ᠲᠣᠭᠤᠰᠣᠨ ᠤ ᠪᠣᠬᠢᠷᠲᠤᠯ ᠤᠨ ᠡᠬᠢ ᠶᠢ ᠤᠨᠢᠨ ᠳᠡᠭᠡᠷ᠎ᠡ ᠨᠢ ᠬᠠᠮᠢᠶᠠᠷᠤᠨ ᠡᠵᠡᠮᠳᠡᠵᠦ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠬᠦᠴᠦᠲᠡᠢ ᠠᠬᠢᠭᠤᠯᠵᠤ᠂ ᠬᠤᠳᠠ ᠶᠢᠨ ᠬᠤᠭ ᠲᠣᠭᠤᠰᠣᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ᠃ᠬᠤᠶᠠᠷ ᠲᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠲᠤᠯ ᠢ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠦᠢᠯᠡᠳᠪᠦᠷᠢ ᠶᠢ ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠬᠦ ᠲᠥᠯᠥᠪᠯᠡᠭᠡ ᠶᠢ ᠬᠡᠷᠡᠭᠵᠢᠭᠦᠯᠵᠦ᠂ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠯ︾᠎ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠶᠡᠷᠦᠩᠬᠡᠶᠢᠯᠡᠨ ᠵᠠᠰᠠᠬᠤ ᠶᠢ ᠭᠦᠨᠵᠡᠭᠡᠶᠢᠷᠡᠭᠦᠯᠵᠦ᠂ ᠨᠡᠭᠦᠷᠡᠰᠦ ᠲᠦᠯᠡᠵᠦ ᠴᠠᠬᠢᠯᠭᠠᠨ ᠭᠠᠷᠭᠠᠬᠤ ᠦᠢᠯᠡᠳᠪᠦᠷᠢ ᠶᠢᠨ ᠬᠡᠳᠤ ᠳᠣᠣᠷ᠎ᠠ ᠭᠠᠳᠠᠭᠰᠢᠯᠠᠭᠤᠯᠤᠯᠲᠠ ᠪᠠ ᠬᠡᠦᠷᠰᠢᠭᠦᠯᠦᠯᠲᠡ᠂ ᠪᠤᠯᠤᠳ ᠲᠡᠮᠦᠷ᠂ ᠱᠦᠢᠨᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠣᠨᠴᠠᠭᠠᠶ ᠭᠠᠳᠠᠭᠰᠢᠯᠠᠭᠤᠯᠤᠯᠲᠠ ᠶᠢᠨ ᠬᠢᠵᠠᠭᠠᠷ ᠬᠡᠮᠵᠢᠭᠳᠡᠯ ᠢ ᠳᠡᠭᠡᠭᠰᠢᠯᠡᠭᠦᠯᠬᠦ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠠᠵᠤ ᠦᠢᠯᠡᠳᠪᠦᠷᠢ ᠶᠢᠨ ᠵᠤᠤᠬ᠎ᠠ ᠶᠢ ᠶᠡᠷᠦᠩᠬᠡᠶᠢᠯᠡᠨ ᠵᠠᠰᠠᠬᠤ ᠶᠢ ᠲᠦᠷᠭᠡᠳᠬᠡᠨ᠎ᠡ᠃ ᠭᠤᠷᠪᠠ ᠳᠤ᠂ ᠤᠯᠠᠨ ᠡᠬᠢᠳᠤ ᠪᠣᠬᠢᠷᠲᠤᠯ ᠢ ᠴᠡᠭᠴᠡᠯᠡᠨ ᠵᠠᠰᠠᠬᠤ ᠶᠢ ᠬᠡᠷᠡᠭᠵᠢᠭᠦᠯᠵᠦ᠂ ᠡᠪᠦᠯ ᠤᠨ ᠤᠯᠠᠷᠢᠯ ᠤᠨ ᠰᠢᠲᠠᠭᠠᠯᠭ᠎ᠠ ᠶᠢᠨ ᠨᠡᠭᠦᠷᠡᠰᠦᠨ ᠤ ᠪᠣᠬᠢᠷᠲᠤᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠡᠪᠦᠯ ᠤᠨ ᠤᠯᠠᠷᠢᠯ ᠤᠨ ᠠᠷᠢᠭᠤᠨ ᠴᠡᠪᠡᠷ ᠢᠶᠠᠷ ᠳᠤᠯᠠᠭᠠᠯᠠᠬᠤ ᠶᠢ ᠠᠬᠢᠭᠤᠯᠵᠤ᠂ ᠨᠡᠭᠦᠳᠡᠯ ᠡᠬᠢᠳᠤ ᠪᠣᠬᠢᠷᠲᠤᠯ ᠢ ᠵᠠᠰᠠᠬᠤ ᠶᠢ ᠴᠢᠩᠭᠠᠳᠬᠠᠨ᠎ᠠ᠃            ᠤᠰᠤᠨ ᠤ ᠡᠬᠢ ᠪᠠᠶᠠᠯᠢᠭ ᠢ ᠬᠠᠮᠠᠭᠠᠯᠠᠬᠤ ᠡᠷᠴᠢᠮ ᠢ  ᠴᠢᠩᠭᠠᠷᠠᠭᠤᠯᠤᠨ᠎ᠠ      ᠨᠢᠳᠤᠨᠤᠨ᠂ ᠬᠠᠶᠢᠷᠤᠪ ᠤᠨ ᠲᠤᠬᠤᠢ ᠲᠤᠭᠤᠷᠢᠭ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠨᠡᠶᠢᠳᠡ 10 ᠲᠦᠷᠦᠯ ᠵᠦᠢᠯ ᠳᠤ ᠬᠤᠯᠪᠣᠭᠳᠠᠵᠤ᠂ ᠡᠭᠦᠨ ᠳᠤ᠂ ᠭᠤᠣᠯ ᠤᠨ ᠵᠠᠮ ᠤᠨ ︽ᠲᠦᠷᠪᠡᠨ ᠳᠤᠷ᠎ᠠ ᠪᠠᠷ ᠢᠶᠠᠨ ᠰᠠᠮᠠᠭᠤᠷᠠᠬᠤ︾ ᠲᠦᠢᠯᠪᠤᠷᠢᠲᠠᠢ ᠪᠤᠰᠤ ᠠᠰᠠᠭᠤᠳᠠᠯ ᠢ ᠴᠡᠭᠴᠡᠯᠡᠨ ᠵᠠᠰᠠᠬᠤ 2 ᠲᠦᠷᠦᠯ ᠵᠦᠢᠯ ᠢ ᠨᠢᠭᠡᠨᠲᠡ ᠳᠠᠭᠤᠰᠬᠠᠪᠠ᠃ᠬᠠᠶᠢᠷᠤᠪ ᠤᠨ ᠲᠤᠬᠤᠢ ᠶᠢᠨ ᠲᠣᠭᠤᠷᠢᠭ ᠤᠨ ᠺᠠᠪᠦ᠋ᠴᠢ ᠭᠸᠤ ᠨᠡᠭᠦᠷᠡᠰᠦᠨ ᠠᠭᠤᠷᠬᠠᠢ ᠶᠢᠨ ᠨᠡᠭᠦᠷᠡᠰᠦ ᠬᠠᠳᠠᠭᠠᠯᠠᠬᠤ ᠲᠠᠯᠠᠪᠠᠢ᠂ ᠰᠢᠷᠣᠢ ᠭᠠᠳᠠᠭᠰᠢᠯᠠᠭᠤᠯᠬᠤ ᠲᠠᠯᠠᠪᠠᠢ ᠶᠢ ᠴᠡᠪᠡᠷᠯᠡᠨ ᠴᠡᠭᠴᠡᠯᠡᠨ ᠵᠠᠰᠠᠬᠤ ᠠᠵᠢᠯ ᠨᠢᠭᠡᠨᠲᠡ ᠳᠠᠭᠤᠰᠪᠠ᠃ ᠬᠠᠲᠤᠨ ᠭᠤᠤᠯ ᠤᠨ ᠬᠥᠪᠡᠭᠡᠨ ᠳᠠᠬᠢ ᠠᠮᠢᠳᠤᠷᠠᠯ᠂ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠨ ᠵᠠᠰᠠᠬᠤ ᠠᠵᠢᠯ ᠨᠢᠭᠡᠨᠲᠡ ᠳᠠᠭᠤᠰᠪᠠ᠃ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠨᠢᠭᠡ  ᠵᠤᠶᠢᠯ ᠢ ᠨᠢᠭᠡᠨᠲᠡ ᠪᠡᠶᠡᠯᠡᠭᠦᠯᠪᠡ᠃ ᠬᠤᠲᠠ ᠶᠢᠨ ᠪᠣᠬᠢᠷ ᠤᠰᠤ ᠰᠢᠢᠤᠡᠪᠤᠷᠢᠯᠡᠬᠦ ᠤᠶᠢᠯᠡᠤᠡᠪᠤᠷᠢ ᠶᠢᠨ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠪᠢᠲᠡᠭᠦᠮᠵᠢᠯᠡᠨ ᠪᠥᠭᠯᠡᠵᠦ ᠴᠡᠭᠴᠡᠯᠡᠨ ᠵᠠᠰᠠᠬᠤ ᠠᠵᠢᠯ ᠢ ᠨᠢᠭᠡᠨᠲᠡ ᠳᠠᠭᠤᠰᠬᠠᠪᠠ  ᠃ᠡᠭᠦᠨ ᠠᠴᠠ ᠭᠠᠳᠠᠨ᠎ᠠ ᠪᠠᠰᠠ 2 ᠲᠦᠷᠦᠯ ᠵᠦᠢᠯ ᠢ ᠪᠠᠶᠢᠭᠤᠯᠵᠤ ᠪᠤᠢ᠂ 2 ᠲᠦᠷᠦᠯ ᠵᠦᠢᠯ ᠢ ᠨᠢ ᠡᠬᠢᠯᠡᠭᠦᠯᠦᠭᠡᠳᠦᠢ᠃ ᠠᠵᠤ ᠦᠢᠯᠡᠳᠪᠦᠷᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ 3 ᠵᠦᠢᠯ ᠳᠤ᠂ ᠶᠢᠨ ᠢᠦᠢ ᠶᠢᠨ ᠵᠠᠬ᠎ᠠ ᠳᠡᠯᠭᠡᠭᠦᠷ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠦᠷᠦᠯ ᠵᠦᠢᠯ ᠢ ᠨᠢᠭᠡᠨᠲᠡ ᠪᠡᠶᠡᠯᠡᠭᠦᠯᠵᠦ᠂ ᠲᠣᠭᠲᠠᠭᠤᠨ ᠢᠶᠠᠷ ᠠᠵᠢᠯᠯᠠᠪᠠ᠃ ᠬᠦᠷᠢᠶᠡᠯᠡᠩ ᠲᠣᠭᠤᠷᠢᠭ ᠤᠨ ᠬᠤᠯᠪᠣᠭᠳᠠᠯ ᠪᠦᠬᠦᠢ ᠠᠵᠤ ᠠᠬᠤᠶᠢᠯᠠᠯ ᠠᠴᠠ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠬᠦᠷᠲᠡᠯᠡᠬᠢ ᠬᠤᠭᠤᠯᠠᠢ ᠶᠢᠨ ᠲᠣᠣᠷ ᠢ ᠲᠡᠭᠦᠯᠳᠡᠷᠵᠢᠭᠦᠯᠬᠦ ᠢᠨᠵᠧᠨᠧᠷᠢᠩ ᠳᠤ᠂ ᠵᠦᠩ  ᠪᠦᠸᠧ᠂ ᠵᠢᠩ ᠶᠦᠨ ᠲᠦᠩ᠂ ᠱᠠᠨᠰᠢ ᠶᠢᠨ ᠮᠠᠰᠢᠨ ᠲᠡᠷᠭᠡᠨ ᠤ 3 ᠠᠵᠤ ᠠᠬᠤᠶᠢᠯᠠᠯ ᠨᠢᠭᠡᠨᠲᠡ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠲᠠᠢ ᠤᠰᠤ ᠵᠠᠯᠠᠬᠤ ᠵᠥᠪᠯᠡᠯᠴᠡᠭᠡᠷ ᠲᠣᠭᠲᠠᠭᠰᠠᠨ ᠪᠥᠭᠡᠳ ᠪᠣᠬᠢᠷ ᠤᠰᠤ ᠶᠢ ᠨᠢᠭᠡᠨᠲᠡ ᠰᠢᠢᠳᠪᠦᠷᠢᠯᠡᠪᠡ᠂ ᠵᠦᠩ ᠢᠦᠢ ᠮᠠᠭᠨᠢ ᠶᠢᠨ ᠦᠢᠯᠡᠰ᠂ ᠾᠧᠩ ᠲᠦᠩ ᠲᠣᠨᠣᠭᠯᠠᠯ ᠦᠢᠯᠡᠳᠬᠦ ᠨᠢ ᠶᠠᠭ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠲᠠᠢ ᠵᠥᠪᠳᠡᠯᠴᠡᠵᠦ ᠪᠤᠢ᠃ ᠡᠭᠦᠨ ᠠᠴᠠ ᠭᠠᠳᠠᠨ᠎ᠠ᠂ ᠬᠤᠲᠠ ᠪᠠᠯᠭᠠᠰᠤᠨ ᠤ ᠪᠣᠬᠢᠷᠲᠤᠯ ᠢ ᠵᠠᠰᠠᠬᠤ 2 ᠵᠤᠶᠢᠯ ᠤᠨ ᠳᠣᠲᠣᠷ᠎ᠠ᠂ ᠬᠤᠲᠠ ᠶᠢᠨ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠲᠤ ᠪᠣᠷᠣᠭᠠᠨ ᠤ ᠤᠰᠤᠨ ᠤ ᠪᠣᠬᠢᠷᠲᠤᠯ ᠢ ᠰᠠᠯᠭᠠᠬᠤ ᠠᠵᠢᠯ ᠢ ᠨᠢᠭᠡᠨᠲᠡ ᠪᠡᠶᠡᠯᠡᠭᠦᠯᠪᠡ  ᠃ ᠬᠤᠲᠠ ᠶᠢᠨ ᠪᠣᠬᠢᠷ ᠤᠰᠤ ᠰᠢᠢᠤᠡᠪᠤᠷᠢᠯᠡᠬᠦ ᠤᠶᠢᠯᠡᠤᠡᠪᠤᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠢᠨᠵᠧᠨᠧᠷᠢᠩ ᠢ ᠬᠠᠷᠠᠬᠠᠨ ᠪᠥᠲᠥᠭᠡᠨ ᠪᠠᠶᠢᠭᠤᠯᠵᠤ ᠪᠠᠶᠢᠨ᠎ᠠ᠂ ᠵᠢᠱᠢᠯᠲᠡ ᠪᠠᠷ 2021 ᠣᠨ ᠤ 9 ᠰᠠᠷ᠎ᠠ ᠶᠢᠨ ᠡᠬᠢ ᠪᠠᠷ ᠪᠠᠷᠢᠵᠤ ᠳᠠᠭᠤᠰᠬᠠᠨ᠎ᠠ᠃      ᠡᠨᠡ ᠵᠢᠯ᠂ ᠬᠠᠶᠢᠷᠤᠪ ᠤᠨ ᠲᠤᠬᠤᠢ ᠶᠢᠨ ᠲᠣᠭᠤᠷᠢᠭ ᠤᠨ ᠬᠢᠨ ᠤᠰᠤᠨ ᠤ ᠡᠷᠬᠡ ᠶᠢᠨ ᠭᠦᠢᠴᠡᠳᠬᠡᠯ ᠲᠤᠭ᠎ᠠ ᠳᠤᠲᠠᠭᠳᠠᠵᠤ ᠪᠠᠶᠢᠭ᠎ᠠ ᠪᠣᠳᠠᠲᠤ ᠪᠠᠶᠢᠳᠠᠯ ᠳᠤ ᠰᠠᠭᠤᠷᠢᠯᠠᠵᠤ᠂ ᠤᠰᠤ ᠪᠠᠷ ᠬᠤᠳᠠ ᠶᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠤᠨ ᠳᠠᠯᠳᠠ ᠬᠦᠴᠦᠨ ᠢ ᠠᠭᠤᠳᠠᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠲᠠᠷᠢᠶᠠᠯᠠᠩ ᠤᠨ ᠦᠢᠯᠡᠳᠪᠦᠷᠢᠯᠡᠯ ᠢ ᠬᠦᠳᠦᠯᠦᠨ ᠵᠢᠯᠣᠭᠤᠳᠴᠤ ᠪᠠᠶᠢᠭᠠᠳ ᠤᠰᠤ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠠᠷᠪᠢᠯᠠᠬᠤ᠂ ᠡᠷᠴᠢᠮᠵᠢᠭᠦᠯᠦᠨ ᠠᠰᠢᠭᠯᠠᠬᠤ ᠶᠢ ᠠᠬᠢᠭᠤᠯᠤᠨ᠎ᠠ᠃ ᠡᠭᠦᠨ ᠤ ᠬᠠᠮᠲᠤ᠂ ᠭᠤᠤᠯ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠬᠠᠶᠢᠷᠤᠪ ᠤᠨ  ᠲᠤᠬᠤᠢ ᠲᠤᠭᠤᠷᠢᠭ ᠤᠨ ᠬᠡᠰᠡᠭ ᠤᠨ ᠤᠰᠤ ᠲᠠᠲᠠᠬᠤ ᠠᠮᠠᠰᠠᠷ ᠤᠨ ᠬᠢᠨᠠᠯᠲᠠ ᠬᠠᠮᠢᠶᠠᠷᠤᠯᠲᠠ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠤᠨ ᠬᠢᠨᠠᠨ ᠬᠡᠮᠵᠢᠯᠲᠡ ᠪᠠ ᠡᠷᠭᠢ ᠬᠠᠮᠠᠭᠠᠯᠠᠬᠤ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠬᠤ ᠪᠠ ᠬᠠᠲᠤᠨ ᠭᠤᠤᠯ ᠤᠨ ᠤᠰᠤ ᠶᠢ ᠲᠣᠭᠲᠠᠭᠠᠯ ᠠᠴᠠ ᠵᠥᠷᠢᠴᠡᠨ ᠲᠠᠲᠠᠵᠤ ᠬᠡᠷᠡᠭᠯᠡᠬᠦ ᠶᠢ ᠴᠢᠩᠭ᠎ᠠ ᠬᠢᠵᠠᠭᠠᠷᠯᠠᠨ᠎ᠠ᠃     ᠬᠠᠶᠢᠷᠤᠪ ᠤᠨ ᠲᠤᠬᠤᠢ ᠲᠤᠭᠤᠷᠢᠭ ᠲᠤ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠪᠠ ᠬᠠᠮᠠᠭᠠᠯᠠᠯᠲᠠ ᠶᠢ ᠬᠡᠷᠡᠭᠵᠢᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠶᠡᠷᠦᠩᠬᠡᠢ ᠱᠦᠵᠢ ᠰᠢ ᠶᠢᠨ ᠫᠢᠩ ᠤ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠭᠤᠣᠯ ᠤᠨ ᠳᠠᠷᠤᠭ᠎ᠠ ᠶᠢᠨ ᠲᠦᠷᠢᠮ︾᠎ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠳᠤᠨ ᠭᠤᠣᠯ ᠤᠨ ᠡᠷᠭᠢ ᠳᠠᠭᠠᠤ ᠶᠢᠨ ᠲᠣᠭᠤᠷᠢᠨ ᠪᠠᠶᠢᠴᠠᠭᠠᠯᠲᠠ ᠪᠠ ᠡᠷᠭᠢ ᠶᠢᠨ ᠱᠤᠭᠤᠮ ᠤᠨ ᠬᠠᠮᠠᠭᠠᠯᠠᠯᠲᠠ ᠶᠢ ᠴᠢᠩᠭᠠᠳᠬᠠᠵᠤ᠂ ᠬᠠᠷᠢᠶ᠎ᠠ ᠣᠷᠣᠨ ᠤ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠰᠡᠷᠭᠦᠭᠡᠯᠲᠡ ᠶᠢ ᠠᠬᠢᠭᠤᠯᠤᠨ᠎ᠠ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠪᠠ ᠬᠠᠲᠤᠨ ᠭᠤᠣᠯ ᠤᠨ ᠤᠰᠤ ᠶᠢ ᠲᠣᠭᠲᠠᠭᠠᠯ ᠠᠴᠠ ᠵᠥᠷᠢᠴᠡᠨ ᠲᠠᠲᠠᠵᠤ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠳᠤᠮᠳᠠ ᠵᠡᠷᠭᠡ ᠶᠢᠨ ᠤᠰᠤ᠂ ᠰᠡᠶᠢᠷᠡᠭ ᠬᠠᠭᠤᠷᠠᠶ ᠤᠰᠤ ᠵᠡᠷᠭᠡ ᠤᠯᠠᠮᠵᠢᠯᠠᠯᠲᠤ ᠪᠤᠰᠤ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠤᠰᠤ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠠᠷᠪᠢᠯᠠᠬᠤ᠂ ᠡᠷᠴᠢᠮᠵᠢᠭᠦᠯᠦᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠬᠦᠷᠢᠶᠡᠯᠡᠩ ᠲᠣᠭᠤᠷᠢᠭ ᠤᠨ ᠪᠣᠬᠢᠷ ᠤᠰᠤᠨ ᠤ ᠬᠤᠭᠤᠯᠠᠶ ᠶᠢᠨ ᠲᠣᠣᠷ ᠵᠢᠴᠢ ᠳᠤᠮᠳᠠ ᠵᠡᠷᠭᠡ ᠶᠢᠨ ᠤᠰᠤᠨ ᠤ ᠬᠤᠭᠤᠯᠠᠶ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠪᠣᠬᠢᠷ ᠤᠰᠤ ᠶᠢ ᠭᠠᠵᠠᠷ ᠳᠣᠣᠷᠠᠬᠢ ᠤᠰᠤ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠬᠤᠲᠠ ᠪᠠᠯᠭᠠᠰᠤ ᠶᠢᠨ ᠤᠰᠤᠨ ᠰᠤᠷᠪᠤᠯᠵᠢ ᠶᠢᠨ ᠭᠠᠵᠠᠷ ᠲᠤ ᠲᠣᠬᠢᠷᠠᠭᠤᠯᠤᠯᠲᠠ ᠬᠢᠬᠦ ᠠᠵᠢᠯ ᠢ ᠲᠦᠷᠭᠡᠬᠡᠨ ᠪᠡᠶᠡᠯᠡᠭᠦᠯᠵᠦ᠂ ᠬᠥᠳᠡᠭᠡ ᠲᠣᠰᠬᠤᠨ ᠤ ᠲᠠᠷᠠᠬᠠᠶ ᠤᠰᠤ ᠭᠠᠳᠠᠭᠰᠢᠯᠠᠭᠤᠯᠬᠤ ᠬᠡᠮᠵᠢᠶ᠎ᠡ ᠶᠢ ᠲᠥᠪᠯᠡᠷᠡᠭᠦᠯᠦᠨ ᠴᠤᠭᠯᠠᠭᠤᠯᠵᠤ  ᠰᠢᠢᠤᠡᠪᠤᠷᠢᠯᠡᠬᠦ ᠶᠢ ᠲᠦᠷᠭᠡᠳᠬᠡᠨ᠎ᠡ᠃              ᠡᠯ᠎ᠡ ᠲᠦᠷᠦᠯ ᠤᠨ ᠬᠥᠷᠥᠰᠥ ᠰᠢᠷᠣᠢ ᠶᠢᠨ ᠪᠣᠬᠢᠷᠲᠤᠯ ᠢ ᠴᠢᠩᠭ᠎ᠠ ᠬᠠᠮᠢᠶᠠᠷᠤᠨ      ᠨᠢᠳᠤᠨᠤᠨ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠰᠢᠨ ᠳ᠋ᠢ ᠲᠣᠰᠬᠤᠨ ᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠱᠠᠭᠠᠷᠳᠠᠯᠭ᠎ᠠ ᠶᠣᠰᠣᠭᠠᠷ ᠪᠣᠬᠢᠷ ᠤᠰᠤ ᠶᠢ ᠰᠢᠢᠳᠪᠦᠷᠢᠯᠡᠬᠦ ᠨᠤᠷᠮ᠎ᠠ ᠶᠢ 60%᠎ ᠠᠴᠠ ᠳᠡᠭᠡᠭᠰᠢ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠨᠤᠷᠮ᠎ᠠ ᠶᠢ 70%᠎ ᠠᠴᠠ ᠳᠡᠭᠡᠭᠰᠢ᠂ ᠮᠠᠯ ᠵᠢᠭᠦᠷᠲᠡᠨ ᠤ ᠪᠠᠭᠠᠰᠤ ᠰᠢᠭᠡᠰᠦ ᠶᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ 70%᠎ ᠠᠴᠠ ᠳᠡᠭᠡᠭᠰᠢ᠂ ᠤᠤᠭᠤᠬᠤ ᠤᠰᠤᠨ ᠤ ᠠᠷᠢᠭᠤᠨ ᠴᠡᠪᠡᠷ ᠤᠨ ᠬᠢᠷᠢ ᠲᠡᠩᠴᠡᠭᠰᠡᠨ ᠨᠤᠷᠮ᠎ᠠ ᠶᠢ 90%᠎ ᠠᠴᠠ ᠳᠡᠭᠡᠭᠰᠢᠬᠢ ᠪᠠᠷᠢᠮᠵᠢᠶ᠎ᠠ ᠳᠤ ᠬᠦᠷᠭᠡᠬᠦ ᠶᠢ ᠪᠦᠬᠦᠨ ᠢ ᠪᠡᠶᠡᠯᠡᠭᠦᠯᠪᠡ᠃ ᠲᠠᠷᠢᠶᠠᠯᠠᠬᠤ ᠣᠷᠣᠨ ᠤ ᠲᠠᠷᠠᠬᠠᠶ ᠤᠰᠤ ᠵᠠᠯᠠᠬᠤ ᠢᠨᠵᠧᠨᠧᠷᠢᠩ ᠤᠨ ᠰᠢᠨ᠎ᠡ ᠭᠠᠵᠠᠷ ᠤᠨ ᠲᠣᠰᠬᠤᠨ ᠡᠷᠦᠬᠡ ᠶᠢᠨ ᠵᠣᠷᠯᠣᠩ ᠢ ᠥᠭᠡᠷᠡᠴᠢᠯᠡᠬᠦ ᠬᠤᠭᠤᠯᠠᠶ ᠶᠢᠨ ᠲᠣᠤᠷ ᠢ ᠪᠠᠶᠢᠭᠤᠯᠬᠤ ᠢᠨᠵᠧᠨᠧᠷᠢᠩ ᠢ ᠪᠡᠶᠡᠯᠡᠭᠦᠯᠵᠦ᠂ ᠪᠣᠬᠢᠷ ᠤᠰᠤ ᠰᠢᠢᠤᠡᠪᠤᠷᠢᠯᠷᠬᠦ ᠥᠷᠲᠡᠭᠡ ᠶᠢ 7 ᠪᠠᠶᠢᠭᠤᠯᠤᠨ᠎ᠠ᠃      ᠡᠨᠡ ᠵᠢᠯ᠂ ᠬᠠᠶᠢᠷᠤᠪ ᠤᠨ ᠲᠤᠬᠤᠢ ᠶᠢᠨ ᠲᠣᠭᠤᠷᠢᠭ ᠤᠨ ᠬᠢᠨ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠠᠮᠢ ᠠᠬᠤᠢ ᠶᠢᠨ ᠲᠠᠷᠢᠶᠠᠯᠠᠩ ᠢ ᠢᠳᠡᠪᠬᠢᠲᠡᠢ ᠬᠥᠭᠵᠢᠭᠦᠯᠦᠨ᠎ᠡ᠃ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠣᠪᠣᠭᠠᠯᠠᠨ ᠬᠠᠳᠠᠭᠠᠯᠠᠬᠤ ᠲᠠᠯᠠᠪᠤᠷ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠠᠶᠤᠯᠲᠠᠶ ᠬᠠᠶᠠᠭᠳᠠᠮᠠᠯ ᠪᠣᠳᠠᠰ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠨ ᠴᠤᠭᠯᠠᠭᠤᠯᠵᠤ ᠴᠡᠪᠡᠷᠯᠡᠨ ᠲᠡᠭᠡᠭᠡᠪᠦᠷᠢᠯᠡᠵᠦ ᠰᠢᠢᠤᠡᠪᠤᠷᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠥᠷᠥᠰᠥ ᠰᠢᠷᠣᠶ ᠶᠢᠨ ᠣᠷᠴᠢᠨ ᠠᠬᠤᠶ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃      ᠬᠠᠶᠢᠷᠤᠪ ᠤᠨ ᠲᠤᠬᠤᠢ ᠶᠢᠨ ᠲᠣᠭᠤᠷᠢᠭ ᠤᠨ ᠬᠢᠨ ᠬᠥᠷᠥᠰᠥ ᠰᠢᠷᠣᠢ ᠶᠢᠨ ᠪᠣᠬᠢᠷᠲᠤᠯ ᠤᠨ ᠭᠤᠣᠯᠳᠠᠯᠭ᠎ᠠ ᠲᠠᠢ ᠠᠵᠢᠯ ᠲᠦᠷᠦᠯ ᠤᠨ ᠠᠵᠤ ᠠᠬᠤᠶᠢᠯᠠᠯ ᠤᠨ ᠪᠠᠶᠢᠴᠠᠭᠠᠯᠲᠠ ᠶᠢᠨ ᠨᠢᠭᠡᠴᠡ ᠲᠠᠢ ᠬᠠᠮᠵᠢᠯᠴᠠᠨ ᠭᠠᠵᠠᠷ ᠰᠢᠷᠣᠢ ᠶᠢᠨ ᠰᠠᠭᠤᠷᠢ ᠮᠡᠳᠡᠭᠡ ᠵᠠᠩᠭᠢ ᠶᠢ ᠲᠠᠬᠢᠨ ᠬᠢᠨᠠᠵᠤ ᠨᠤᠲᠠᠯᠠᠬᠤ᠂ ᠴᠡᠭ ᠪᠠᠶᠢᠷᠢᠯᠠᠭᠤᠯᠤᠨ ᠦᠯᠢᠭᠡᠷ ᠠᠪᠬᠤ ᠡᠭᠦᠷᠭᠡ ᠶᠢ ᠪᠡᠶᠡᠯᠡᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠦᠢᠯᠡᠳᠪᠦᠷᠢᠯᠡᠵᠦ ᠪᠠᠶᠢᠭ᠎ᠠ ᠠᠵᠤ ᠠᠬᠤᠶᠢᠯᠠᠯ ᠪᠣᠯᠤᠨ ᠡᠭᠦᠳᠡ ᠪᠠᠨ ᠬᠠᠭᠠᠵᠤ ᠨᠡᠭᠦᠯᠭᠡᠭᠰᠡᠨ ᠠᠵᠤ ᠠᠬᠤᠶᠢᠯᠠᠯ ᠤᠨ ᠬᠡᠷᠡᠭᠯᠡᠬᠦ ᠭᠠᠵᠠᠷ ᠰᠢᠷᠣᠢ ᠶᠢᠨ ᠪᠣᠬᠢᠷᠲᠤᠯ ᠤᠨ ᠭᠠᠵᠠᠷ ᠰᠢᠷᠣᠢ ᠶᠢᠨ ᠲᠠᠷᠬᠠᠯᠲᠠ᠂ ᠪᠣᠬᠢᠷᠲᠤᠯ ᠤᠨ ᠪᠠᠶᠢᠳᠠᠯ ᠵᠢᠴᠢ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠲᠦᠪᠰᠢᠨ ᠢ ᠡᠵᠡᠮᠳᠡᠨ᠎ᠡ᠃ ᠡᠭᠦᠨ ᠤ ᠵᠡᠷᠭᠡᠴᠡᠪᠡᠷ᠂ ᠬᠦᠷᠢᠶᠡᠯᠡᠩ ᠲᠣᠭᠤᠷᠢᠭ ᠤᠨ ᠢᠵᠢ ᠪᠦᠷᠢᠳᠦᠭᠦᠯᠬᠦ ᠰᠢᠭᠠᠷᠤ ᠟ ᠢᠢᠨ ᠲᠠᠯᠠᠪᠠᠢ ᠶᠢᠨ ᠪᠦᠳᠦᠬᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠤ ᠦᠢᠯᠡᠳᠪᠦᠷᠢ  ᠎ ᠶᠢᠨ ᠬᠦᠷᠢᠶᠡᠯᠡᠩ ᠲᠣᠭᠤᠷᠢᠭ ᠟ ᠤᠨ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠯ ᠢ ᠰᠢᠢᠤᠡᠪᠤᠷᠢᠯᠡᠬᠦ  ᠲᠠᠯᠠᠪᠠᠢ  ᠎ ᠶᠢᠨ ᠪᠦᠳᠦᠬᠡᠨ ᠪᠠᠶᠢᠭᠤᠯᠤᠯᠲᠠ ᠶᠢᠨ ᠡᠭᠦᠷᠭᠡ  ᠎ ᠶᠢ ᠱᠠᠭᠠᠷᠳᠠᠯᠭ᠎ᠠ ᠶᠣᠰᠣᠭᠠᠷ ᠪᠡᠶᠡᠯᠡᠭᠦᠯᠬᠦ  ᠎ ᠶᠢ ᠦᠨᠡᠨᠬᠦ ᠪᠠᠲᠤᠯᠠᠬᠤ ᠬᠡᠷᠡᠭᠲᠡᠶ᠃      ᠡᠭᠦᠨ ᠠᠴᠠ ᠭᠠᠳᠠᠨ᠎ᠠ᠂ ᠬᠠᠶᠢᠷᠤᠪ ᠤᠨ ᠲᠤᠬᠤᠢ ᠶᠢᠨ ᠲᠣᠭᠤᠷᠢᠭ ᠤᠨ ᠬᠢᠨ ᠪᠠᠰᠠ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠦᠬᠠᠢ ᠬᠤᠳᠠ ᠶᠢᠨ ᠬᠠᠶᠢᠷᠤᠪ ᠤᠨ ᠲᠤᠬᠤᠢ ᠶᠢᠨ ᠬᠡᠰᠡᠭ ᠤᠨ ᠠᠭᠤᠯᠠ ᠤᠰᠤ ᠤᠢ ᠰᠢᠭᠤᠢ ᠲᠠᠷᠢᠶ᠎ᠠ ᠨᠠᠭᠤᠷ ᠡᠪᠡᠰᠦ ᠡᠯᠡᠰᠦᠨ ᠤ ᠠᠮᠢ ᠠᠬᠤᠢ ᠶᠢ ᠰᠡᠷᠭᠦᠭᠡᠬᠦ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠬᠤ ᠲᠠᠢ ᠤᠶᠠᠯᠳᠤᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ︽ᠠᠭᠤᠯᠠ ᠶᠢ ᠪᠢᠲᠡᠭᠦᠮᠵᠢᠯᠡᠬᠦ᠂ ᠤᠰᠤ ᠶᠢ ᠬᠠᠮᠠᠭᠠᠯᠠᠬᠤ᠂ ᠤᠢ ᠰᠢᠭᠤᠢ ᠶᠢ ᠪᠤᠶᠢᠵᠢᠭᠤᠯᠬᠤ᠂ ᠲᠠᠷᠢᠶ᠎ᠠ ᠶᠢ ᠬᠠᠮᠠᠭᠠᠯᠠᠬᠤ᠂ ᠨᠠᠭᠤᠷ ᠢ ᠰᠡᠷᠭᠦᠭᠡᠬᠦ᠂ ᠡᠪᠡᠰᠦ ᠲᠠᠷᠢᠬᠤ᠂ ᠡᠯᠡᠰᠦ ᠶᠢ ᠰᠡᠷᠭᠡᠶᠢᠯᠡᠬᠦ︾ ᠠᠵᠢᠯ ᠢ ᠥᠷᠨᠢᠭᠦᠯᠦᠨ᠎ᠡ᠃ᠡᠭᠦᠨ ᠤ ᠬᠠᠮᠲᠤ᠂ ᠬᠤᠲᠠ ᠶᠢᠨ ᠲᠣᠭᠤᠷᠢᠭ ᠤᠨ ᠦᠶᠡᠷ ᠢ ᠰᠡᠷᠭᠡᠶᠢᠯᠡᠬᠦ ᠭᠤᠤᠯ ᠤᠨ ᠵᠠᠮ᠂ ᠤᠰᠤᠨ ᠰᠢᠰᠲ᠋ᠧᠮ ᠢ ᠵᠠᠰᠠᠵᠤ ᠥᠭᠡᠷᠡᠴᠢᠯᠡᠬᠦ ᠡᠷᠴᠢᠮ ᠢ ᠴᠢᠩᠭᠠᠷᠠᠭᠤᠯᠵᠤ᠂ ᠣᠲᠣ ᠶᠢᠨ ᠪᠠᠶᠢᠭ᠎ᠠ ᠴᠡᠴᠡᠷᠯᠢᠭ᠂ ᠠᠭᠤᠳᠠᠮ ᠲᠠᠯᠠᠪᠠᠶ ᠶᠢᠨ ᠰᠠᠭᠤᠷᠢ ᠪᠡᠯᠡᠳᠬᠡᠮᠵᠢ ᠶᠢ ᠳᠡᠭᠡᠭᠰᠢᠯᠡᠭᠦᠯᠦᠨ ᠥᠭᠡᠷᠡᠴᠢᠯᠡᠵᠦ᠂ ᠬᠤᠲᠠ ᠶᠢ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠬᠡᠷ ᠣᠷᠣᠨ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号