ᠬᠠᠶᠢᠪᠸᠢ ᠵᠡᠭᠡᠯᠢ ᠭᠤᠳᠤᠮᠵᠢ ᠶᠢᠨ ᠾᠧ ᠫᠢᠩ ᠳ᠋ᠦᠩ ᠨᠡᠶᠢᠭᠡᠮ ᠲᠣᠭᠤᠷᠢᠭ ᠲᠤ ︽ᠥᠨᠳᠥᠷ ᠣᠭᠲᠠᠷᠭᠤᠶ ᠳᠤ ᠶᠠᠭᠤᠮ᠎ᠠ ᠬᠠᠶᠠᠬᠤ ᠶᠢ ᠴᠠᠭᠠᠵᠠᠯᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/3/12
     ᠥᠨᠳᠥᠷ ᠣᠭᠲᠠᠷᠭᠤᠶ ᠳᠠᠬᠢ ᠬᠤᠭ ᠨᠣᠪᠰᠢ ᠶᠠᠭᠤᠮ᠎ᠠ ᠬᠠᠶᠠᠬᠤ ᠪᠣᠯ ᠨᠢᠭᠡ ᠵᠤᠶᠢᠯ ᠤᠨ ᠪᠣᠯᠪᠠᠰᠤᠨ ᠪᠤᠰᠤ ᠮᠥᠷᠲᠡᠭᠡᠨ ᠠᠮᠤᠷ ᠲᠦᠪᠰᠢᠨ ᠪᠤᠰᠤ ᠤᠶᠢᠯᠡ ᠠᠵᠢᠯᠯᠠᠭ᠎ᠠ ᠮᠥᠨ᠂ ᠢᠯᠠᠩᠭᠤᠶ᠎ᠠ ᠥᠨᠳᠥᠷ ᠳᠠᠪᠬᠤᠷᠭ᠎ᠠ ᠶᠢᠨ ᠵᠢᠵᠢᠭ ᠲᠣᠭᠤᠷᠢᠭ ᠤᠨ ᠥᠨᠳᠥᠷ ᠣᠭᠲᠠᠷᠭᠤᠶ ᠳᠠᠬᠢ ᠬᠤᠭ ᠨᠣᠪᠰᠢ ᠨᠢ ᠪᠤᠰᠤᠳ ᠤᠨ ᠪᠡᠶ᠎ᠡ ᠮᠠᠬᠠᠪᠣᠳ ᠵᠢᠴᠢ ᠡᠳ᠋ ᠬᠥᠷᠥᠩᠭᠡ ᠳᠤ ᠬᠤᠬᠢᠷᠠᠯ ᠤᠴᠠᠷᠠᠭᠤᠯᠵᠤ ᠮᠡᠳᠡᠬᠦ ᠪᠣᠯᠬᠤᠷ ᠮᠠᠰᠢ ᠶᠡᠭᠡ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠃ ᠬᠥᠷᠰᠢ ᠵᠡᠷᠭᠡᠯᠡᠳᠡᠭᠡ ᠶᠢᠨ ᠡᠶ᠎ᠡ ᠵᠣᠬᠢᠴᠠᠯ ᠢ ᠠᠬᠢᠭᠤᠯᠵᠤ᠂ ᠨᠡᠶᠢᠭᠡᠮ ᠲᠣᠭᠤᠷᠢᠭ ᠤᠨ ᠠᠮᠤᠷ ᠲᠦᠪᠰᠢᠨ᠂ ᠪᠣᠯᠪᠠᠰᠤᠨ᠂ ᠡᠶ᠎ᠡ ᠵᠣᠬᠢᠴᠠᠩᠭᠤᠢ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ 3 ᠰᠠᠷ᠎ᠠ ᠶᠢᠨ 11᠎ ᠤ ᠡᠳᠦᠷ᠂ ᠾᠧ ᠫᠢᠩ ᠳ᠋ᠦᠩ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠳ ᠥᠨᠳᠥᠷ ᠣᠭᠲᠠᠷᠭᠤᠢ ᠳᠤ ᠶᠠᠭᠤᠮ᠎ᠠ ᠬᠠᠶᠠᠬᠤ ᠶᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃     ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠬᠠᠷᠢᠶᠠᠲᠤ ᠣᠷᠣᠨ ᠤ ᠪᠠᠨ ᠰᠠᠭᠤᠭᠠᠯᠢ ᠠᠷᠠᠳ ᠲᠤ ᠥᠨᠳᠥᠷ ᠣᠭᠲᠠᠷᠭᠤᠶ ᠳᠠᠬᠢ ᠬᠤᠭ ᠨᠣᠪᠰᠢ ᠶᠢᠨ ᠤᠴᠠᠷᠠᠭᠤᠯᠤᠭᠰᠠᠨ ᠬᠤᠤᠷ ᠬᠥᠨᠥᠭᠡᠯ ᠵᠢᠴᠢ ᠡᠭᠦᠷᠭᠡᠯᠡᠬᠦ ᠵᠣᠬᠢᠴᠠᠩᠭᠤᠶ ᠬᠠᠷᠢᠭᠤᠴᠠᠯᠭ᠎ᠠ ᠶᠢ ᠢᠳᠡᠪᠬᠢᠲᠡᠶ ᠲᠠᠶᠢᠯᠪᠤᠷᠢᠯᠠᠬᠤ ᠪᠠᠷ ᠳᠡᠮᠵᠢᠨ᠂ ᠲᠤᠬᠠᠶ ᠶᠢᠨ ᠲᠠᠯᠠᠪᠤᠷ ᠲᠤ ᠵᠠᠮ ᠥᠩᠭᠡᠷᠡᠬᠦ ᠰᠠᠭᠤᠭᠠᠯᠢ ᠠᠷᠠᠳ ᠤᠨᠠᠭᠰᠠᠨ ᠡᠳ᠋ ᠪᠣᠳᠠᠰ ᠨᠢ ᠡᠰᠡ ᠯᠡ ᠥᠪᠡᠷ ᠤᠨ ᠪᠡᠶ᠎ᠡ ᠳᠡᠭᠡᠨ ᠲᠤᠰᠬᠤ ᠰᠢᠬᠠᠵᠠᠶ᠂ ᠣᠲᠣ ᠪᠤᠳᠤᠬᠤ ᠳᠤ ᠮᠠᠰᠢ ᠠᠶᠤᠵᠤ᠂ ᠥᠨᠳᠥᠷ ᠣᠭᠲᠠᠷᠭᠤᠶ ᠳᠠᠬᠢ ᠬᠤᠭ ᠨᠣᠪᠰᠢ ᠶᠢᠨ ᠲᠤᠬᠠᠶ ᠶᠠᠷᠢᠬᠤ ᠳᠤ ᠵᠢᠭᠠᠬᠠᠨ ᠬᠢᠯᠢᠩᠯᠡᠵᠦ᠂ ᠲᠣᠰ ᠤᠳᠠᠭᠠᠨ ᠤ ᠠᠵᠢᠯᠯᠠᠭ᠎ᠠ ᠶᠢᠨ ᠥᠷᠨᠢᠯᠲᠡ ᠶᠢ ᠨᠤᠲᠠᠯᠠᠵᠤ ᠪᠠᠶᠢᠬᠤ ᠪᠠᠨ ᠢᠯᠡᠳᠬᠡᠪᠡ᠃      ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ᠂ ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠪᠠᠰᠠ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠤᠨ ᠥᠨᠳᠥᠷ ᠣᠭᠲᠠᠷᠭᠤᠶ ᠳᠠᠬᠢ ᠬᠠᠶᠠᠯᠲᠠ ᠶᠢᠨ ᠬᠤᠤᠷ ᠬᠥᠨᠥᠭᠡᠯᠲᠦ ᠴᠢᠨᠠᠷ ᠤᠨ ᠲᠤᠬᠠᠶ ᠲᠠᠨᠢᠯᠲᠠ ᠪᠠ ᠣᠶᠢᠯᠠᠭᠠᠯᠲᠠ ᠶᠢ ᠨᠡᠮᠡᠭᠳᠡᠭᠦᠯᠵᠦ᠂ ᠣᠯᠠᠨ ᠨᠡᠶᠢᠲᠡ ᠶᠢᠨ ᠠᠮᠤᠷ ᠲᠦᠪᠰᠢᠨ ᠤ ᠳᠠᠯᠳᠠ ᠬᠡᠮ ᠠᠴᠠ ᠵᠠᠶᠢᠯᠠᠰᠬᠢᠵᠦ᠂ ᠬᠥᠮᠦᠨ ᠨᠢᠭᠡᠪᠦᠷᠢ ᠳᠤ ᠬᠠᠤᠯᠢ ᠴᠠᠭᠠᠵᠠ ᠪᠠ ᠬᠠᠤᠯᠢ ᠲᠣᠭᠲᠠᠭᠠᠯ ᠢ ᠵᠢᠷᠤᠮᠯᠠᠬᠤ ᠪᠣᠯ ᠪᠢᠳᠡᠨ ᠤ ᠭᠦᠶ᠋ᠴᠡᠳᠬᠡᠪᠡᠰᠦ ᠵᠣᠬᠢᠬᠤ ᠬᠠᠷᠢᠭᠤᠴᠠᠯᠭ᠎ᠠ ᠪᠠ ᠡᠭᠦᠷᠭᠡ ᠮᠥᠨ ᠭᠡᠳᠡᠭ ᠢ ᠮᠡᠳᠡᠭᠦᠯᠵᠦ᠂ ᠠᠮᠤᠷ ᠲᠦᠪᠰᠢᠨ ᠠᠮᠢᠳᠤᠷᠠᠯ ᠤᠨ ᠣᠷᠴᠢᠨ ᠲᠣᠭᠤᠷᠢᠨ ᠢ ᠬᠠᠮᠲᠤ ᠪᠠᠷ ᠡᠭᠦᠳᠦᠨ᠂ ᠪᠣᠯᠪᠠᠰᠤᠨ ᠪᠤᠰᠤ ᠤᠶᠢᠯᠡ ᠠᠵᠢᠯᠯᠠᠭ᠎ᠠ ᠶᠢ ᠬᠠᠮᠲᠤ ᠪᠠᠷ ᠡᠰᠡᠷᠭᠦᠴᠡᠨ ᠬᠤᠷᠢᠭᠯᠠᠵᠤ᠂ ᠪᠣᠯᠪᠠᠰᠤᠨ ᠤᠶᠢᠯᠡ ᠠᠵᠢᠯᠯᠠᠭ᠎ᠠ ᠶᠢᠨ  ᠤᠶᠢᠯᠡᠳᠤᠯᠭᠡᠵᠢᠭᠦᠯᠦᠭᠴᠢ ᠪᠠ ᠤᠯᠠᠮᠵᠢᠯᠠᠭᠴᠢ ᠪᠣᠯᠬᠤ ᠪᠠᠷ ᠴᠢᠷᠮᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号