ᠬᠠᠶᠢᠷᠤᠪ ᠤᠨ ᠲᠤᠬᠤᠢ ᠲᠣᠭᠤᠷᠢᠭ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2021/3/12
      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠤᠯᠤᠰ ᠣᠷᠣᠨ ᠤ ᠨᠢᠭᠡᠳᠦᠯ ᠤᠨ ᠰᠠᠭᠤᠷᠢ᠂ ᠦᠨᠳᠦᠰᠦᠲᠡᠨ ᠤ ᠪᠦᠯᠬᠦᠮᠳᠡᠯ ᠤᠨ ᠦᠨᠳᠦᠰᠦ᠂ ᠤᠶᠤᠨ ᠰᠠᠨᠠᠭᠠᠨ ᠤ ᠬᠦᠴᠦᠨ ᠴᠢᠳᠠᠯ ᠤᠨ ᠰᠦᠭ ᠰᠦᠨᠡᠰᠦ ᠮᠥᠨ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠢᠯᠠᠩᠭᠤᠶ᠎ᠠ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠭᠦᠨᠵᠡᠭᠡᠶᠢᠷᠡᠭᠦᠯᠬᠦ ᠡᠭᠦᠳᠦᠨ ᠪᠠᠶᠢᠭᠤᠯᠬᠤ ᠠᠵᠢᠯ ᠤᠨ ᠪᠠᠷᠢᠮᠵᠢᠶ᠎ᠠ ᠪᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ 3 ᠰᠠᠷ᠎ᠠ ᠶᠢᠨ 11᠎ ᠤ ᠡᠳᠦᠷ ᠠᠴᠠ 13᠎ ᠤ ᠡᠳᠦᠷ ᠪᠣᠯᠲᠠᠯ᠎ᠠ ᠬᠠᠶᠢᠷᠤᠪ ᠤᠨ  ᠲᠤᠬᠤᠢ ᠲᠣᠭᠤᠷᠢᠭ ᠲᠤ ᠭᠤᠷᠪᠠᠨ ᠡᠳᠦᠷ ᠤᠨ ᠬᠤᠭᠤᠴᠠᠭ᠎ᠠ ᠲᠠᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ︾ ᠲᠤᠰᠬᠠᠶ ᠰᠡᠳᠦᠪᠲᠦ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ ᠥᠷᠨᠢᠭᠦᠯᠪᠡ᠃
     ᠲᠣᠰ ᠤᠳᠠᠭᠠᠨ ᠤ ᠪᠣᠯᠪᠠᠰᠤᠷᠠᠭᠤᠯᠤᠯ ᠳᠤ ᠦᠬᠠᠶ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠤᠯᠪᠣᠭᠳᠠᠯ ᠪᠥᠬᠦᠶ ᠬᠥᠮᠦᠰ ᠢ ᠲᠤᠰᠬᠠᠶᠢᠯᠠᠨ ᠤᠷᠢᠵᠤ ᠲᠤᠬᠠᠶ ᠶᠢᠨ ᠲᠠᠯᠠᠪᠤᠷ ᠲᠤ ᠬᠢᠴᠢᠶᠡᠯ ᠣᠷᠣᠭᠤᠯᠵᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠬᠤ ᠶᠢᠨ ᠴᠢᠬᠤᠯᠠ ᠴᠢᠨᠠᠷ ᠪᠠ ᠰᠢᠨ᠎ᠡ ᠴᠠᠭ ᠦᠶ᠎ᠡ ᠳᠤ ᠦᠨᠳᠦᠰᠦᠲᠡᠨ ᠤ ᠪᠦᠯᠬᠦᠮᠳᠡᠯ ᠢ ᠬᠡᠷᠬᠢᠨ ᠴᠢᠩᠭᠠᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠡᠷᠬᠢᠨ ᠪᠣᠶ ᠪᠣᠯᠭᠠᠬᠤ ᠲᠠᠯ᠎ᠠ ᠠᠴᠠ ᠡᠭᠦᠰᠴᠦ᠂ ᠨᠠᠷᠢᠨ ᠭᠦᠨᠵᠡᠭᠡᠶ ᠲᠠᠶᠢᠯᠪᠤᠷᠢᠯᠠᠯᠲᠠ ᠬᠢᠭᠰᠡᠨ ᠪᠠᠶᠢᠨ᠎ᠠ᠃ ᠪᠣᠯᠪᠠᠰᠤᠷᠠᠭᠤᠯᠤᠯ ᠤᠨ ᠠᠭᠤᠯᠭ᠎ᠠ ᠶᠢᠨ ᠭᠤᠤᠯ ᠰᠡᠳᠦᠪ ᠨᠢ ᠲᠣᠪᠤᠶᠢᠮ᠎ᠠ᠂ ᠠᠭᠤᠯᠤᠭᠳᠠᠬᠤᠨ ᠨᠢ ᠪᠠᠶᠠᠯᠢᠭ᠂ ᠵᠠᠳᠠᠯᠤᠯᠲᠠ ᠨᠢ ᠨᠡᠪᠲᠡᠷᠬᠡᠶ ᠪᠠᠶᠢᠵᠤ᠂ ᠲᠠᠷᠠᠭᠠᠴᠢ ᠶᠢᠨ ᠠᠯᠬᠤᠮ ᠤᠨ ᠬᠠᠶᠢᠷᠤᠪ ᠤᠨ ᠲᠤᠬᠤᠢ ᠲᠣᠭᠤᠷᠢᠭ ᠤᠨ ᠦᠨᠳᠦᠰᠦᠲᠡᠨ ᠤ ᠠᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠳᠤ ᠮᠠᠰᠢ ᠶᠡᠭᠡ ᠬᠠᠪᠰᠤᠷᠤᠯᠭ᠎ᠠ ᠪᠠ ᠰᠡᠩᠬᠡᠷᠡᠭᠦᠯᠦᠯ ᠥᠭᠴᠦ᠂ ᠪᠣᠯᠪᠠᠰᠤᠷᠠᠭᠤᠯᠤᠯ ᠳᠤ ᠣᠷᠣᠯᠴᠠᠭᠰᠠᠳ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ ᠢ ᠨᠠᠩ ᠭᠦᠨᠵᠡᠭᠡᠶ᠂ ᠨᠠᠩ ᠨᠠᠷᠢᠯᠢᠭ᠂ ᠨᠠᠩ ᠥᠷᠭᠡᠨ ᠦᠵᠡᠯ ᠰᠠᠨᠠᠭ᠎ᠠ ᠲᠠᠨᠢᠯᠲᠠ ᠲᠠᠢ ᠪᠣᠯᠭᠠᠵᠠᠶ᠃
     ᠬᠠᠶᠢᠷᠤᠪ ᠤᠨ ᠲᠤᠬᠤᠢ ᠲᠣᠭᠤᠷᠢᠭ ᠤᠨ ᠬᠢᠨ ᠲᠤᠰ ᠤᠳᠠᠭᠠᠨ ᠤ ᠪᠦᠬᠦ ᠠᠵᠢᠯᠲᠠᠨ ᠤ ᠡᠭᠡᠯᠵᠢᠯᠡᠨ ᠪᠣᠯᠪᠠᠰᠤᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠠᠯ᠎ᠠ ᠪᠠᠷ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠵᠤ᠂ ᠰᠠᠯᠠᠭᠠᠨ ᠤ ᠲᠠᠰ ᠤᠨ ᠺᠠᠳ᠋ᠷᠴᠤᠳ ᠤᠨ ᠵᠢᠱᠢᠶ᠎ᠡ ᠦᠵᠡᠭᠦᠯᠦᠨ ᠳᠠᠶᠢᠴᠢᠯᠠᠬᠤ ᠤᠶᠢᠯᠡᠳᠤᠯ ᠪᠠ ᠳᠠᠭᠠᠭᠤᠯᠤᠨ ᠰᠤᠷᠤᠯᠴᠠᠬᠤ ᠶᠢ ᠠᠬᠢᠭᠤᠯᠬᠤ ᠤᠶᠢᠯᠡᠳᠤᠯ ᠢ  ᠭᠦᠢᠴᠠᠤᠡ ᠪᠠᠳᠠᠷᠠᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠭᠠᠨ ᠰᠤᠷᠭᠠᠯᠲᠠ ᠶᠢᠨ ᠵᠠᠪᠠᠯ ᠰᠤᠷᠬᠤ ᠬᠢᠴᠢᠶᠡᠯ ᠢ ᠲᠥᠪᠯᠡᠷᠡᠭᠦᠯᠦᠨ ᠰᠤᠷᠤᠯᠴᠠᠵᠤ᠂ ᠰᠤᠷᠤᠯᠴᠠᠯᠭ᠎ᠠ ᠶᠢ ᠲᠠᠷᠢᠬᠢ ᠲᠣᠯᠣᠭᠠᠶ ᠳᠤ ᠬᠠᠳᠠᠩᠰᠢᠭᠤᠯᠵᠤ᠂ ᠰᠡᠳᠬᠢᠯ ᠳᠤ ᠬᠠᠳᠠᠩᠰᠢᠭᠤᠯᠵᠤ ᠠᠵᠢᠯᠯᠠᠭ᠎ᠠ ᠳᠤ ᠣᠷᠣᠭᠤᠯᠬᠤ ᠶᠢ ᠠᠬᠢᠭᠤᠯᠤᠨ᠂ ᠰᠠᠯᠠᠭᠠᠨ ᠤ ᠲᠠᠰ ᠤᠨ ᠺᠠᠳ᠋ᠷᠴᠤᠳ ᠤᠨ ᠡᠭᠦᠷᠭᠡ ᠴᠢᠳᠠᠪᠤᠷᠢ ᠶᠢᠨ ᠳᠠᠪᠠᠭᠤᠯᠢᠭ ᠢ ᠭᠦᠢᠴᠠᠤᠡ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠤᠬᠠᠭᠤᠯᠭ᠎ᠠ ᠶᠢᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ᠃ ᠲᠦᠷᠦᠭᠦᠯᠡᠨ ᠦᠨᠳᠦᠰᠦᠲᠡᠨ ᠤ ᠪᠦᠯᠬᠦᠮᠳᠡᠯ ᠢ ᠨᠠᠨᠳᠢᠩᠨᠠᠵᠤ᠂ ᠦᠨᠳᠦᠰᠦᠲᠡᠨ ᠤ ᠪᠦᠯᠬᠦᠮᠳᠡᠯ ᠢ ᠦᠨᠳᠦᠰᠦᠲᠡᠨ ᠤ ᠠᠵᠢᠯ ᠢ ᠡᠳᠦᠷ ᠲᠤᠲᠤᠮ ᠤᠨ ᠠᠵᠢᠯ ᠳᠠᠭᠠᠨ ᠬᠢᠵᠦ᠂ ᠪᠠᠶᠢᠩᠭᠤ ᠠᠳᠬᠤᠬᠤ ᠶᠢ ᠨᠡᠩ ᠴᠢᠬᠤᠯᠠᠴᠢᠯᠠᠵᠤ᠂ ᠨᠠᠮ ᠪᠠ ᠤᠯᠤᠰ ᠣᠷᠣᠨ ᠢ ᠢᠮᠠᠭᠲᠠ ᠰᠡᠳᠬᠢᠯ ᠳᠡᠭᠡᠨ ᠪᠤᠳᠤᠵᠤ᠂ ᠤᠯᠤᠰ ᠣᠷᠣᠨ ᠤ ᠠᠰᠢᠭ ᠲᠤᠰᠠ ᠪᠠ ᠳᠤᠮᠳᠠᠳᠤ ᠶᠢᠨ ᠦᠨᠳᠦᠰᠦᠲᠡᠨ ᠤ ᠠᠰᠢᠭ ᠲᠤᠰᠠ ᠶᠢ ᠬᠠᠮᠤᠭ ᠤᠨ ᠳᠡᠭᠡᠳᠦ ᠠᠰᠢᠭ ᠲᠤᠰᠠ ᠪᠠᠨ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠠᠵᠢᠯ ᠤᠨ ᠴᠢᠬᠤᠯᠠ ᠴᠢᠨᠠᠷ ᠢ ᠢᠮᠠᠭᠲᠠ ᠰᠡᠷᠭᠡᠭ ᠢᠶᠠᠷ ᠲᠠᠨᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠠᠮᠠᠭᠠᠯᠠᠭᠴᠢ ᠪᠤᠯᠵᠤ᠂ ᠦᠨᠳᠦᠰᠦᠲᠡᠨ ᠨᠦᠭᠦᠳ ᠢ ᠪᠦᠯᠬᠦᠮᠳᠡᠭᠦᠯᠦᠨ ᠭᠠᠷ ᠭᠠᠷ ᠢᠶᠠᠨ ᠬᠤᠯᠪᠣᠨ ᠮᠥᠷᠥ ᠵᠡᠷᠭᠡᠴᠡᠵᠦ᠂ ᠬᠠᠮᠲᠤ ᠪᠠᠷ ᠴᠢᠷᠮᠠᠶᠢᠨ ᠲᠡᠮᠡᠴᠡᠵᠦ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠳᠦᠭᠡᠨ ᠪᠠᠶᠢᠭᠤᠯᠵᠤ᠂ ᠰᠠᠶᠢᠨ ᠰᠠᠶᠢᠬᠠᠨ ᠢᠷᠡᠭᠡᠳᠦᠶ ᠪᠠᠨ ᠬᠠᠮᠲᠤ ᠪᠠᠷ ᠴᠣᠭᠴᠠᠯᠠᠨ ᠪᠠᠶᠢᠭᠤᠯᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号