ᠬᠠᠶᠢᠷᠤᠪ ᠤᠨ ᠲᠣᠬᠤᠢ ᠲᠣᠭᠤᠷᠢᠭ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠪᠠ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠠᠵᠢᠯ ᠎ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/3/12
    3 ᠰᠠᠷ᠎ᠠ ᠶᠢᠨ 10᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ 2021 ᠣᠨ ᠤ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠵᠢᠴᠢ ᠪᠣᠯᠪᠠᠰᠤᠨ ᠰᠤᠷᠭᠠᠭᠤᠯᠢ ᠎ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ᠃
     ᠬᠤᠷᠠᠯ ᠠᠴᠠ 《 ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠲᠠ ᠶᠢᠨ ᠨᠠᠰᠤᠨ ᠎ ᠳᠤ ᠥᠯᠥ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠤᠨ ᠰᠢᠯᠭᠠᠨ ᠦᠨᠡᠯᠡᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠨᠠᠷᠢᠨ ᠬᠠᠭᠤᠳᠠᠰᠤ 》᠎ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 《 2020 ᠣᠨ ᠳᠤ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠲᠠ ᠶᠢᠨ ᠨᠠᠰᠤᠨ ᠳᠤ ᠥᠯᠥ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠤᠨ ᠰᠢᠯᠭᠠᠨ ᠦᠨᠡᠯᠡᠭᠰᠡᠨ ᠦᠷ᠎ᠡ ᠳ᠋ᠦᠩ 》᠎ ᠢ ᠵᠠᠷᠯᠠᠨ ᠮᠡᠳᠡᠭᠳᠡᠭᠰᠡᠨ ᠪᠥᠭᠡᠳ 2020 ᠣᠨ ᠳᠤ ᠪᠥᠬᠦ ᠲᠤᠭᠤᠷᠢᠭ ᠤᠨ ᠨᠠᠰᠤᠨ ᠳᠤ ᠥᠯᠥ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠤᠨ ᠰᠢᠯᠭᠠᠨ ᠦᠨᠡᠯᠡᠵᠦ ᠬᠤᠪᠢ ᠠᠯᠳᠠᠭᠰᠠᠨ ᠰᠢᠯᠲᠠᠭᠠᠨ ᠢ ᠵᠠᠳᠠᠯᠤᠨ ᠰᠤᠳᠤᠯᠵᠤ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠬᠠᠶᠢᠷᠤᠪ ᠤᠨ ᠲᠤᠬᠤᠢ ᠲᠣᠭᠤᠷᠢᠭ ᠎ ᠤᠨ ᠰᠤᠷᠭᠠᠨ ᠬᠥᠮᠦᠵᠢᠯ ᠤᠨ ᠲᠣᠪᠴᠢᠶ᠎ᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠬ᠎ᠠ ᠳᠡᠯᠭᠡᠭᠦᠷ ᠎ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮᠡᠭᠲᠡᠶᠢᠴᠦᠳ ᠤᠨ ᠬᠤᠯᠪᠣᠭ᠎ᠠ᠂  ᠴᠡᠭᠡᠯ ᠠᠭᠤᠯᠠ ᠪᠠᠯᠭᠠᠰᠤ᠂ ᠰᠢᠨ ᠨᠠᠨ ᠨᠡᠶᠢᠭᠡᠮ ᠲᠣᠭᠤᠷᠢᠭ ᠤᠨ 6 ᠨᠢᠭᠡᠴᠢ ᠬᠤᠷᠠᠯ ᠳᠡᠭᠡᠷ᠎ᠡ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠳᠤ ᠴᠢᠭᠯᠡᠭᠦᠯᠦᠨ ᠣᠪᠣᠷ ᠢᠶᠠᠨ ᠢᠯᠡᠳᠬᠡᠬᠦ ᠦᠭᠡ ᠬᠡᠯᠡᠪᠡ᠃    ᠬᠤᠷᠠᠯ ᠠᠴᠠ ᠣᠷᠣᠰᠢᠵᠤ ᠪᠠᠶᠢᠭ᠎ᠠ ᠠᠰᠠᠭᠤᠳᠠᠯ ᠢᠶᠠᠨ ᠳᠡᠯᠭᠡᠵᠦ᠂ ᠱᠠᠭᠠᠷᠳᠠᠯᠭ᠎ᠠ ᠳᠤᠷᠠᠳᠴᠤ᠂ ᠬᠠᠷᠢᠭᠤᠴᠠᠯᠭ᠎ᠠ ᠎ ᠶᠢ ᠨᠠᠶᠢᠳᠠᠪᠤᠷᠢᠵᠢᠭᠤᠯᠵᠤ᠂ 《 ᠪᠦᠬᠦ ᠤᠯᠤᠰ ᠤᠨ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠤᠨ ᠰᠢᠯᠭᠠᠨ ᠦᠨᠡᠯᠡᠬᠦ ᠰᠢᠰᠲ᠋ᠧᠮ 》᠎ ᠤᠨ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ 2021 ᠣᠨ ᠤ ᠬᠠᠶᠢᠷᠤᠪ ᠤᠨ ᠲᠤᠬᠤᠢ ᠲᠣᠭᠤᠷᠢᠭ ᠤᠨ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠣᠳᠣᠬᠠᠨ ᠤ ᠪᠠ ᠬᠤᠶᠢᠰᠢᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠶᠡᠷᠦᠩᠬᠡᠢ ᠰᠡᠳᠬᠢᠴᠡ ᠪᠠ ᠠᠵᠢᠯ ᠤᠨ ᠡᠭᠦᠷᠭᠡ ᠶᠢ ᠲᠣᠳᠣᠷᠬᠠᠶᠢᠯᠠᠪᠠ᠃ ᠲᠤᠷᠰᠢᠯᠭ᠎ᠠ ᠪᠠᠨ ᠳ᠋ᠦᠩᠨᠡᠵᠦ᠂ ᠬᠦᠷᠦᠯᠴᠡᠬᠦ ᠥᠬᠡᠶ ᠲᠠᠯ᠎ᠠ ᠪᠠᠨ ᠵᠥᠪ ᠢᠶᠠᠷ ᠲᠠᠨᠢᠵᠤ᠂ ᠰᠢᠨ᠎ᠡ ᠴᠠᠭ ᠦᠶ᠎ᠡ ᠶᠢᠨ ᠨᠠᠰᠤᠨ ᠳᠤ ᠥᠯᠥ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠴᠢᠩᠭᠠᠳᠬᠠᠬᠤ ᠬᠡᠷᠡᠭᠲᠡᠶ᠃ ᠭᠤᠣᠯᠳᠠᠯᠭ᠎ᠠ ᠶᠢ ᠡᠵᠡᠮᠳᠡᠨ᠂ ᠵᠠᠩᠭᠢᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ᠃ ᠤᠳᠤᠷᠢᠳᠤᠯᠭ᠎ᠠ ᠪᠠᠨ ᠴᠢᠩᠭᠠᠳᠬᠠᠵᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠰᠡᠳᠬᠢᠯ ᠨᠢᠭᠡᠳᠦᠨ ᠬᠦᠴᠦ ᠎ ᠪᠠᠨ ᠬᠠᠮᠲᠤᠳᠬᠠᠵᠤ ᠬᠠᠶᠢᠷᠤᠪ ᠤᠨ ᠲᠤᠬᠤᠢ ᠲᠣᠭᠤᠷᠢᠭ ᠤᠨ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠢ ᠪᠠᠬᠢᠵᠢᠭᠦᠯᠦᠨ᠎ᠡ᠃      ᠬᠤᠷᠠᠯ ᠠᠴᠠ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ ᠬᠠᠷᠢᠭᠤᠴᠠᠯᠭ᠎ᠠ ᠶᠢᠨ ᠤᠬᠠᠮᠰᠠᠷ ᠎ ᠢᠶᠠᠨ ᠴᠢᠨᠠᠭᠰᠢᠳᠠ ᠴᠢᠩᠭᠠᠳᠬᠠᠵᠤ᠂ ᠨᠠᠰᠤᠨ ᠳᠤ ᠥᠯᠥ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠶᠯ ᠳᠡᠭᠡᠨ ᠣᠷᠣᠭᠤᠯᠵᠤ᠂ ᠬᠡᠷ ᠪᠦᠯᠢ᠂ ᠰᠤᠷᠭᠠᠭᠤᠯᠢ᠂ ᠵᠠᠰᠠᠭ ᠤᠨ ᠣᠷᠳᠣᠨ᠂ ᠨᠡᠶᠢᠭᠡᠮ《 ᠳᠥᠷᠪᠡ ᠶᠢ ᠨᠢᠭᠡ ᠴᠤᠬᠴᠠᠵᠢᠭᠤᠯᠬᠤ》ᠬᠥᠮᠦᠨ ᠬᠥᠮᠦᠵᠢᠭᠦᠯᠬᠦ ᠰᠢᠰᠲ᠋ᠧᠮ ᠢ ᠢᠳᠡᠪᠬᠢᠲᠡᠶ ᠪᠠᠶᠢᠭᠤᠯᠬᠤ ᠬᠡᠷᠡᠭᠲᠡᠶ᠃ ᠠᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨ《 ᠰᠢᠯᠭᠠᠨ ᠦᠨᠡᠯᠡᠬᠦ ᠰᠢᠰᠲ᠋ᠧᠮ》᠎ ᠤᠨ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠬᠦᠴᠦᠨ ᠢᠶᠠᠨ ᠲᠥᠪᠯᠡᠷᠡᠭᠦᠯᠦᠨ ᠡᠯ᠎ᠡ ᠵᠦᠢᠯ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠨᠠᠰᠤᠨ ᠳᠤ ᠦᠯᠦ ᠬᠦᠷᠦᠭᠰᠡᠳ ᠢ ᠪᠠᠶᠠᠷ ᠪᠠᠶᠠᠰᠬᠤᠯᠠᠩᠲᠠᠢ ᠦᠢᠯᠡᠳᠦᠯᠭᠡ ᠪᠠ ᠪᠡᠶᠡᠴᠢ ᠣᠶᠢᠯᠠᠭᠠᠯᠲᠠ ᠶᠢᠨ ᠳᠤᠮᠳᠠ ᠦᠵᠡᠯ ᠰᠠᠨᠠᠭ᠎ᠠ ᠶᠣᠰᠣ ᠰᠤᠷᠲᠠᠬᠤᠨ ᠤ ᠬᠡᠪ ᠴᠢᠨᠠᠷ ᠢᠶᠠᠨ ᠦᠯᠦ ᠮᠡᠳᠡᠭᠳᠡᠮ᠎ᠡ ᠪᠠᠷ ᠳᠡᠭᠡᠭᠰᠢᠯᠡᠭᠦᠯᠬᠦ ᠬᠡᠷᠡᠭᠲᠡᠢ᠃ ᠰᠢᠯᠭᠠᠨ ᠦᠨᠡᠯᠡᠬᠦ ᠪᠠᠶᠢᠴᠠᠭᠠᠯᠲᠠ ᠶᠢ ᠴᠢᠩᠭᠠᠳᠬᠠᠵᠤ᠂ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠰᠢᠯᠢᠳᠡᠭ ᠢ ᠰᠢᠯᠭᠠᠷᠠᠭᠤᠯᠵᠤ ᠲᠡᠷᠢᠭᠦᠨ ᠤ ᠬᠢ ᠎ ᠶᠢ ᠰᠣᠩᠭᠤᠬᠤ ᠤᠷᠢᠳᠴᠢᠯᠠᠭᠰᠠᠨ ᠨᠥᠬᠦᠴᠡᠯ ᠪᠣᠯᠭᠠᠵᠤ᠂ ᠰᠢᠮᠳᠠᠭᠤᠯᠤᠨ ᠪᠠᠶᠢᠴᠠᠭᠠᠵᠤ ᠪᠠᠶᠢᠴᠠᠭᠠᠬᠤ ᠲᠣᠭᠲᠠᠴᠠ ᠶᠢ ᠪᠠᠶᠢᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ ᠰᠢᠮᠳᠠᠭᠤᠯᠤᠨ ᠭᠦᠢᠴᠡᠳᠬᠡᠯᠭᠡᠬᠦ ᠬᠡᠷᠡᠭᠲᠡᠶ᠃ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠡᠯ᠎ᠡ ᠰᠠᠯᠠᠭ᠎ᠠ ᠮᠥᠴᠢᠷ ᠤᠳ ᠰᠣᠨᠢᠨ᠂ ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ ᠤᠨ ᠤᠬᠠᠭᠤᠯᠭ᠎ᠠ ᠶᠢᠨ ᠳᠠᠪᠠᠭᠤᠯᠢᠭ ᠢ ᠭᠦᠶᠴᠡᠳ ᠠᠰᠢᠭᠯᠠᠨ᠂ ᠨᠠᠰᠤᠨ ᠳᠤ ᠥᠯᠥ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠢ ᠬᠤᠲᠠ ᠶᠢᠨ ᠠᠷᠠᠳ ᠎ ᠤᠨ ᠣᠶᠢᠯᠠᠭᠠᠬᠤ ᠨᠣᠷᠮ᠎ᠠ᠂ ᠣᠷᠣᠯᠴᠠᠬᠤ ᠨᠣᠷᠮ᠎ᠠ ᠪᠣᠯᠤᠨ ᠳᠡᠮᠵᠢᠬᠦ ᠨᠣᠷᠮ᠎ᠠ ᠶᠢ ᠳᠡᠭᠡᠭᠰᠢᠯᠡᠭᠦᠯᠵᠦ᠂ ᠪᠥᠬᠦ ᠨᠡᠶᠢᠭᠡᠮ ᠎ ᠳᠤ ᠨᠠᠰᠤᠨ ᠳᠤ ᠥᠯᠥ ᠬᠦᠷᠦᠭᠰᠡᠳ ᠢ ᠬᠦᠨᠳᠦᠳᠬᠡᠬᠦ᠂ ᠨᠠᠰᠤᠨ ᠳᠤ ᠥᠯᠥ ᠬᠦᠷᠦᠭᠰᠡᠳ ᠢ ᠬᠠᠯᠠᠮᠵᠢᠯᠠᠨ ᠬᠠᠶᠢᠷᠠᠯᠠᠬᠤ᠂ ᠨᠠᠰᠤᠨ ᠳᠤ ᠥᠯᠥ ᠬᠦᠷᠦᠭᠰᠡᠳ ᠢ ᠬᠠᠪᠰᠤᠷᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号