ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/16
     3 ᠰᠠᠷ᠎ᠠ ᠶᠢᠨ 13᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠷᠠᠯ ᠠᠴᠠ ᠪᠦᠬᠦ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠲᠤᠰᠬᠠᠢ ᠰᠡᠳᠦᠪᠲᠦ ᠹᠢᠯᠢᠮ ᠢ ᠦᠵᠡᠵᠡᠢ᠃ ︽ᠪᠥᠬᠦ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠨᠠᠯ︾᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠲᠥᠰᠦᠯ︾᠂ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠳᠤ ᠰᠠᠭᠤᠭ᠎ᠠ ᠵᠢᠯᠣᠭᠤᠳᠬᠤ ᠳᠤᠭᠤᠶᠢᠯᠠᠩ ᠤᠨ ᠳᠠᠷᠤᠭ᠎ᠠ ᠯᠢ ᠬᠤᠩ ᠢᠩ ᠤᠨ ᠶᠠᠷᠢᠶ᠎ᠠ ᠪᠣᠯᠤᠨ ᠱᠦᠵᠢ ᠱᠢ ᠸᠠᠨ ᠵᠢᠶᠦ᠋ᠨ ᠤ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃
      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠨᠠᠮ ᠪᠠ ᠤᠯᠤᠰ ᠣᠷᠣᠨ ᠤ ᠠᠵᠢᠯ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠳᠡᠭᠡᠳᠦ ᠬᠡᠮᠵᠢᠶᠡᠨ ᠠᠴᠠ ᠭᠠᠷᠭᠠᠭᠰᠠᠨ ᠴᠢᠬᠤᠯᠠ ᠶᠡᠭᠡ ᠰᠢᠢᠤᠡᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠮᠥᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠤᠡᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠡᠨᠡ ᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠢ ᠡᠷᠡᠰ ᠪᠥᠭᠡᠳ ᠬᠦᠴᠦᠲᠡᠶ ᠪᠡᠶᠡᠯᠡᠭᠦᠯᠬᠦ ᠬᠡᠷᠡᠭᠲᠡᠶ᠃ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠲᠤᠪᠤᠶᠢᠯᠭᠠᠵᠦ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠤᠯᠤᠰ ᠲᠦᠷᠦ ᠶᠢᠨ ᠦᠨᠡᠨᠴᠢ ᠰᠢᠳᠤᠷᠭᠤ ᠶᠢ ᠴᠢᠨᠠᠭᠰᠢᠳᠠ ᠪᠠᠲᠤᠳᠬᠠᠵᠤ᠂ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠵᠤ᠂ ᠦᠨᠡᠨ ᠢ ᠪᠠᠷᠢᠮᠲᠠᠯᠠᠨ ᠬᠠᠲᠠᠭᠤ ᠶᠢ ᠬᠦᠨᠳᠡᠵᠤ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠬᠡᠮ ᠠᠷᠬᠠᠭ ᠢ ᠴᠡᠭᠴᠡᠯᠡᠨ ᠵᠠᠰᠠᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠦᠨ ᠳ᠋ᠦᠩᠨᠡᠨ ᠳᠡᠭᠡᠭᠰᠢᠯᠡᠭᠦᠯᠬᠦ ᠶᠢ ᠰᠠᠶᠢᠲᠤᠷ ᠠᠳᠬᠤᠵᠤ᠂ ᠴᠡᠭᠴᠡᠯᠡᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠩᠭᠤ ᠶᠢᠨ ᠵᠠᠰᠠᠯᠲᠠ ᠶᠢ ᠪᠡᠶᠡᠯᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠥᠮᠦᠵᠢᠯ ᠴᠡᠭᠴᠡᠯᠡᠯᠲᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠵᠤ᠂ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠲᠦᠷᠦ ᠶᠢᠨ ᠪᠤᠳᠤᠯᠭ᠎ᠠ ᠠᠷᠭ᠎ᠠ ᠪᠤᠳᠤᠯᠭ᠎ᠠ ᠶᠢ ᠤᠨᠢᠨ ᠳᠡᠭᠡᠷ᠎ᠡ ᠨᠢ ᠡᠵᠡᠮᠳᠡᠵᠦ᠂ ᠬᠢᠨᠠᠨ ᠵᠢᠯᠣᠭᠤᠳᠴᠤ ᠵᠢᠭᠠᠨ ᠵᠢᠯᠣᠭᠤᠳᠬᠤ ᠳᠤ ᠢᠳᠡᠪᠬᠢᠲᠡᠢ ᠬᠠᠮᠵᠢᠯᠴᠠᠨ᠂ ᠤᠬᠠᠭᠤᠯᠵᠤ ᠬᠦᠳᠦᠯᠦᠨ ᠵᠢᠯᠣᠭᠤᠳᠬᠤ ᠶᠢ ᠬᠦᠴᠦᠯᠡᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ ᠶᠢ ᠢᠮᠠᠭᠲᠠ ᠪᠠᠷᠢᠮᠲᠠᠯᠠᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠰᠢᠨ᠎ᠡ ᠳᠦᠷᠰᠦ ᠪᠠᠶᠢᠳᠠᠯ ᠪᠣᠯᠤᠨ ᠤᠯᠤᠰ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠲᠣᠭᠲᠠᠭᠤᠨ ᠢ ᠬᠠᠮᠠᠭᠠᠯᠠᠭᠰᠠᠨ ᠰᠢᠨ᠎ᠡ ᠠᠮᠵᠢᠯᠲᠠ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ︕      ᠬᠤᠷᠠᠯ ᠠᠴᠠ᠂ ᠬᠤᠷᠠᠯ ᠤᠨ ᠵᠣᠷᠢᠭ ᠰᠠᠨᠠᠭ᠎ᠠ ᠶᠢ ᠦᠳᠲᠡᠷ ᠲᠦᠷᠭᠡᠨ ᠤᠯᠠᠮᠵᠢᠯᠠᠨ ᠲᠤᠤᠱᠯᠠᠭᠤᠯᠵᠤ᠂ ᠤᠬᠠᠭᠤᠯᠤᠨ ᠳᠠᠶᠢᠴᠢᠯᠠᠬᠤ ᠠᠵᠢᠯ ᠢ ᠰᠠᠶᠢᠲᠤᠷ ᠬᠢᠵᠦ᠂ ᠲᠤᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠤᠯᠠᠮᠵᠢᠯᠠᠨ ᠰᠤᠷᠤᠯᠴᠠᠵᠤ᠂ ᠭᠦᠨᠵᠡᠭᠡᠢ ᠣᠶᠢᠯᠠᠭᠠᠵᠤ᠂ ᠬᠥᠮᠦᠵᠢᠯ ᠴᠡᠭᠴᠡᠯᠡᠯᠲᠡ ᠶᠢ ᠦᠨᠡᠨᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠴᠢᠩᠭ᠎ᠠ ᠠᠳᠬᠤᠨ ᠪᠣᠳᠠᠲᠠᠢ ᠠᠳᠬᠤᠵᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠤᠯᠤᠯᠴᠠᠭ᠎ᠠ ᠵᠣᠯᠭᠠᠯᠴᠠᠭ᠎ᠠ ᠶᠢ ᠴᠢᠩᠭᠠᠳᠬᠠᠵᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠪᠦᠬᠦᠯᠢ ᠴᠣᠭᠴᠠ ᠶᠢᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ ᠭᠤᠭᠴᠤᠭ᠎ᠠ ᠶᠢᠨ ᠡᠭᠦᠷᠭᠡ ᠶᠢ ᠴᠢᠩᠭ᠎ᠠ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠬᠦᠴᠦᠲᠡᠢ ᠡᠮᠬᠢ ᠵᠢᠷᠤᠮ ᠲᠠᠢ ᠪᠦᠲᠦᠮᠵᠢᠲᠡᠢ ᠰᠠᠶᠢᠲᠤᠷ ᠠᠳᠬᠤᠬᠤ ᠬᠡᠷᠡᠭᠲᠡᠢ᠃ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠶᠢ ᠦᠨᠡᠨᠬᠦ ᠰᠠᠶᠢᠲᠤᠷ ᠠᠳᠬᠤᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠵᠤ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠳᠦᠯᠭᠡ ᠶᠢᠨ ᠳᠤᠮᠳᠠ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠬᠠᠶᠢᠷᠤᠪ ᠤᠨ ᠲᠤᠬᠤᠢ ᠲᠤᠭᠤᠷᠢᠭ ᠤᠨ ᠪᠦᠳᠦᠬᠡᠨ ᠪᠠᠶᠢᠭᠤᠯᠤᠯᠲᠠ ᠳᠤ ᠳᠠᠰᠤᠷᠠᠯᠳᠠ ᠦᠬᠡᠢ ᠨᠡᠩ ᠶᠡᠭᠡ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号