ᠬᠠᠶᠢᠷᠤᠪ ᠤᠨ ᠲᠤᠬᠤᠢ ᠶᠢᠨ ᠲᠣᠭᠤᠷᠢᠭ ︽ᠵᠠᠭᠤ ᠮᠢᠩᠭ᠎ᠠ ᠲᠦᠮᠡ︾ ᠰᠢᠷᠢᠰ ᠠᠵᠢᠯᠯᠠᠭ᠎ᠠ ᠥᠷᠨᠢᠭᠦᠯᠵᠦ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠪᠡᠯᠡᠭ ᠬᠦᠷᠭᠡᠵᠡᠢ
ᠨᠡᠶᠢᠲᠡᠯᠡᠭᠰᠡᠨ ᠴᠠᠭ᠄
2021/3/16
     ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠠᠴᠠ ᠨᠠᠰᠢᠬᠢ ᠭᠡᠷᠡᠯ ᠰᠠᠴᠤᠷᠠᠩᠭᠤᠶ ᠲᠡᠦᠬᠡᠨ ᠶᠠᠪᠤᠴᠠ ᠶᠢ ᠪᠦᠬᠦ ᠲᠠᠯ᠎ᠠ ᠪᠠᠷ ᠡᠷᠭᠢᠴᠡᠭᠦᠯᠬᠦ ᠶᠢᠨ ᠲᠥᠯᠥᠭᠡ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠤ ᠳᠠᠶᠢᠴᠢᠨ ᠪᠠᠬᠢᠯᠡᠯᠲᠡ ᠪᠣᠯᠤᠨ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠵᠤ᠂ ᠵᠣᠬᠢᠶᠠᠨ ᠪᠠᠶᠢᠭᠤᠯᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠵᠦ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠪᠦᠬᠦ ᠲᠤᠭᠤᠷᠢᠭ ᠲᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ︽ᠵᠠᠭᠤ ᠮᠢᠩᠭᠠᠨ ᠲᠦᠮᠡ︾ ᠰᠢᠷᠢᠰ ᠠᠵᠢᠯᠯᠠᠭ᠎ᠠ ᠶᠢ ᠥᠷᠭᠡᠨ ᠳᠡᠯᠭᠡᠷᠡᠩᠭᠦᠢ ᠥᠷᠨᠢᠭᠦᠯᠵᠦ᠂ ᠴᠤᠭ ᠪᠠᠳᠠᠷᠠᠩᠭᠤᠢ ᠳᠦᠷᠰᠦ ᠪᠠᠶᠢᠳᠠᠯ ᠢᠶᠠᠷ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ ᠯᠠᠪᠳᠠᠭᠤᠨ ᠪᠠᠲᠤᠲᠠᠢ ᠠᠵᠢᠯ᠂ ᠰᠢᠯᠢᠳᠡᠭ ᠠᠮᠵᠢᠯᠲᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠪᠡᠯᠡᠭ ᠬᠦᠷᠭᠡᠵᠡᠢ᠃      ︽ᠲᠦᠷᠪᠡᠨ ᠵᠠᠭᠤᠨ︾᠎ ᠤ ᠠᠵᠢᠯᠯᠠᠭ᠎ᠠ ᠨᠢ ᠵᠣᠬᠢᠶᠠᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠲᠡᠰ ᠳᠡᠪᠰᠢᠬᠦ ᠶᠢ ᠲᠦᠯᠬᠢᠨ ᠠᠬᠢᠭᠤᠯᠪᠠ᠃ ᠬᠠᠶᠢᠷᠤᠪ ᠤᠨ ᠲᠤᠬᠤᠢ ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ︽ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠣᠨ︾᠎ ᠤ ᠡᠯ᠎ᠡ ᠵᠦᠢᠯ ᠤᠨ ᠭᠤᠣᠯ ᠠᠵᠢᠯ ᠤᠨ ᠲᠣᠭᠤᠷᠢᠨ ᠳᠤ᠂ ︽ᠵᠠᠭᠤᠨ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠬᠤ︾ ︽ᠵᠠᠭᠤᠨ ᠬᠦᠴᠦᠷᠬᠡᠭ ᠤᠨ ᠨᠠᠮ ᠤᠨ ᠡᠭᠦᠷ ᠢ ᠴᠢᠷᠮᠠᠶᠢᠨ ᠡᠭᠦᠳᠬᠦ︾ ︽ᠵᠠᠭᠤᠨ ᠰᠢᠯᠢᠳᠡᠭ ᠨᠠᠮ ᠤᠨ ᠬᠢᠴᠢᠶᠡᠯ ᠢ ᠡᠬᠢᠯᠡᠨ ᠵᠢᠭᠠᠬᠤ︾ ︽ᠵᠠᠭᠤᠨ ᠰᠢᠯᠢᠳᠡᠭ ᠬᠡᠷᠡᠭ ᠤᠨ ᠵᠢᠱᠢᠶ᠎ᠡ ᠶᠢ ᠰᠢᠯᠭᠠᠷᠠᠭᠤᠯᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠭᠤᠷᠪᠠᠨ ᠵᠢᠯ ᠳᠤ ᠰᠠᠭᠤᠷᠢ ᠲᠠᠯᠪᠢᠵᠤ᠂ ᠲᠠᠪᠤᠨ ᠵᠢᠯ ᠳᠤ ᠲᠡᠷᠢᠭᠦᠨ ᠳᠤ ᠲᠠᠯᠪᠢᠬᠤ ᠪᠠᠷ ᠴᠢᠷᠮᠠᠶᠢᠬᠤ︾ ᠬᠠᠷᠠᠯᠲᠠ ᠶᠢᠨ ᠱᠠᠭᠠᠷᠳᠠᠯᠭ᠎ᠠ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠤᠨ᠂ ᠪᠥᠬᠦ ᠲᠤᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠨᠠᠩ ᠥᠨᠳᠥᠷ ᠬᠢᠷᠢ ᠲᠦᠪᠰᠢᠨ ᠪᠥᠬᠦᠶ ᠪᠠᠷᠢᠮᠵᠢᠶᠠᠵᠢᠯᠲᠠ ᠵᠢᠷᠤᠮᠵᠢᠭᠤᠯᠤᠯᠲᠠ ᠳᠠᠰᠢ ᠠᠬᠢᠭᠤᠯᠬᠤ ᠶᠢ ᠠᠬᠢᠭᠤᠯᠵᠤ᠂ ᠪᠥᠬᠦ ᠲᠤᠭᠤᠷᠢᠭ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠤᠯᠠᠮ ᠨᠢᠭᠡ ᠠᠯᠬᠤᠮ ᠠᠬᠢᠭᠤᠯᠤᠨ᠎ᠠ᠃      ︽ᠭᠤᠷᠪᠠᠨ ᠮᠢᠩᠭᠠᠨ︾᠎ ᠤ ᠠᠵᠢᠯᠯᠠᠭ᠎ᠠ ᠨᠢ ᠬᠥᠮᠦᠵᠢᠯ ᠪᠣᠯᠪᠠᠰᠤᠷᠠᠭᠤᠯᠤᠯ ᠤᠨ ᠶᠠᠰᠤ ᠴᠢᠨᠠᠷ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠠᠶᠢᠷᠤᠪ ᠤᠨ ᠲᠤᠬᠤᠢ ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠨᠠᠮ ᠤᠨ ᠭᠡᠰᠢᠭᠦᠨ ᠺᠠᠳ᠋ᠷᠴᠤᠳ ᠤᠨ ᠤᠨᠤᠯ ᠤᠨ ᠵᠡᠪᠰᠡᠭᠯᠡᠯ ᠤᠨ ᠪᠠᠶᠢᠳᠠᠯ ᠪᠣᠯᠤᠨ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠳᠤ ︽ᠮᠢᠩᠭᠠᠨ ᠬᠥᠮᠦᠨ ᠤᠳᠠᠭ᠎ᠠ ᠶᠢᠨ ᠱᠦᠵᠢ ᠶᠢ ᠡᠭᠡᠯᠵᠢᠯᠡᠨ ᠪᠣᠯᠪᠠᠰᠤᠷᠠᠭᠤᠯᠬᠤ︾ ︽ᠮᠢᠩᠭᠠᠨ ᠨᠠᠮ ᠤᠨ ᠭᠡᠰᠢᠭᠦᠨ ᠢ ᠤᠷᠤᠯᠳᠤᠭᠤᠯᠤᠨ ᠪᠣᠯᠪᠠᠰᠤᠷᠠᠭᠤᠯᠬᠤ︾ ︽ᠲᠦᠭ ᠲᠦᠮᠡᠨ ᠠᠶᠢᠯ ᠡᠷᠦᠬᠡ ᠶᠢ ᠲᠣᠬᠤᠨᠢᠭᠤᠯᠤᠨ ᠰᠤᠷᠪᠤᠯᠵᠢᠯᠠᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠶᠠᠩᠵᠤᠴᠢᠯᠠᠭᠰᠠᠨ ᠰᠤᠷᠭᠠᠨ ᠬᠥᠮᠦᠵᠢᠯ ᠤᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠡᠯ᠎ᠡ ᠲᠥᠷᠥᠯ ᠤᠨ ᠬᠤᠪᠢᠰᠬᠠᠯ ᠤᠨ ᠰᠤᠷᠭᠠᠨ ᠬᠥᠮᠦᠵᠢᠯ ᠤᠨ ᠵᠢᠭᠰᠠᠭᠠᠯ ᠤᠨ ᠭᠠᠵᠠᠷ ᠤᠨ ᠡᠬᠢ ᠪᠠᠶᠠᠯᠢᠭ ᠢ ︽ᠰᠣᠳᠣᠨ ᠪᠦᠲᠦᠭᠡᠯ ᠤᠨ ᠭᠤᠣᠯ ᠰᠡᠳᠦᠪᠲᠦ ᠨᠠᠮ ᠤᠨ ᠡᠳᠦᠷ ᠤᠨ ᠱᠤᠭᠤᠮ︾᠎ ᠢ ᠲᠣᠭᠲᠠᠭᠠᠵᠤ᠂ ᠬᠤᠪᠢᠰᠬᠠᠯ ᠤᠨ ᠡᠬᠢ ᠪᠠᠶᠠᠯᠢᠭ ᠢ ᠠᠰᠢᠭᠯᠠᠨ ᠬᠠᠷᠢᠯᠴᠠᠨ ᠬᠥᠳᠡᠯᠦᠯᠴᠡᠬᠦ ᠮᠠᠶ᠋ᠢᠭ ᠤᠨ᠂ ᠦᠵᠡᠭᠳᠡᠯ ᠤᠨ ᠮᠠᠶ᠋ᠢᠭ ᠤᠨ᠂ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ ᠬᠤᠪᠢᠰᠬᠠᠯ ᠤᠨ ᠤᠯᠠᠮᠵᠢᠯᠠᠯ᠂ ᠨᠠᠮ ᠤᠨ ᠲᠡᠦᠬᠡ ᠶᠢᠨ ᠬᠥᠮᠦᠵᠢᠯ ᠵᠡᠷᠭᠡ ᠲᠤᠰᠬᠠᠢ ᠰᠡᠳᠦᠪᠲᠦ ᠪᠣᠯᠪᠠᠰᠤᠷᠠᠯ ᠢ ᠥᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠲᠠᠰᠤᠷᠠᠯᠳᠡ ᠦᠭᠡᠢ ᠠᠬᠢᠭᠤᠯᠵᠤ᠂ ᠨᠠᠮ ᠤᠨ ᠭᠡᠰᠢᠭᠦᠨ ᠺᠠᠳ᠋ᠷ ᠤᠨ ᠤᠨᠤᠯ ᠢ ᠪᠣᠳᠠᠲᠠᠢ ᠲᠠᠢ ᠤᠶᠠᠯᠳᠤᠭᠤᠯᠬᠤ ᠴᠢᠳᠠᠪᠤᠷᠢ ᠶᠢ ᠦᠨᠡᠨᠬᠦ ᠴᠢᠩᠭᠠᠳᠬᠠᠵᠤ᠂ ᠶᠡᠷᠦᠩᠬᠡᠶᠢᠯᠡᠭᠰᠡᠨ ᠬᠡᠪ ᠴᠢᠨᠠᠷ ᠪᠣᠯᠤᠨ ᠲᠦᠪᠰᠢᠨ ᠢ ᠴᠢᠩᠭᠠᠳᠬᠠᠨ᠎ᠠ᠃      ︽ᠭᠤᠷᠪᠠᠨ ᠲᠦᠮᠡ︾᠎ ᠶᠢᠨ ᠠᠵᠢᠯᠯᠠᠭ᠎ᠠ ᠨᠢ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢᠨ ᠬᠢᠷᠢ ᠲᠦᠪᠰᠢᠨ ᠢ ᠴᠢᠩᠭᠠᠳᠬᠠᠪᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠥᠯᠥᠭᠡ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠡᠳᠦᠯᠲᠡᠶ ᠤᠳᠤᠷᠢᠳᠤᠭᠰᠠᠨ᠂ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠢᠳᠡᠪᠬᠢᠲᠡᠶ ᠬᠠᠮᠵᠢᠯᠴᠠᠭᠰᠠᠨ᠂ ᠥᠷᠭᠡᠨ ᠣᠯᠠᠨ ᠲᠦᠮᠡᠨ ᠥᠷᠭᠡᠨ ᠢᠶᠠᠷ ᠣᠷᠣᠯᠴᠠᠭᠰᠠᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠠᠴᠠ ︽ᠲᠦᠮᠡᠨ ᠨᠠᠮ ᠤᠨ ᠭᠡᠰᠢᠭᠦᠨ ᠤᠬ ᠰᠠᠨᠠᠭ᠎ᠠ ᠪᠠᠨ ᠡᠷᠭᠢᠴᠡᠭᠦᠯᠬᠦ︾ ︽ᠲᠦᠮᠡᠨ ᠨᠠᠮ ᠤᠨ ᠭᠡᠰᠢᠭᠦᠨ ᠨᠠᠮ ᠤᠨ ᠲᠡᠦᠬᠡ ᠶᠢ ᠰᠤᠷᠤᠯᠴᠠᠬᠤ︾ ︽ᠲᠦᠮᠡᠨ ᠨᠠᠮ ᠤᠨ ᠭᠡᠰᠢᠭᠦᠨ ᠪᠣᠳᠠᠲᠠᠢ ᠶᠠᠪᠤᠳᠠᠯ ᠪᠦᠲᠦᠭᠡᠬᠦ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠡᠢ᠃ ︽ᠭᠤᠷᠪᠠᠨ ᠬᠤᠷᠠᠯ ᠨᠢᠭᠡ ᠬᠢᠴᠢᠶᠡᠯ︾ ︽ᠭᠤᠤᠯ ᠰᠡᠳᠦᠪᠲᠦ ᠨᠠᠮ ᠤᠨ ᠡᠳᠦᠷ︾ ᠵᠡᠷᠭᠡ ᠲᠠᠢ ᠤᠶᠠᠯᠳᠤᠭᠤᠯᠤᠨ ᠪᠥᠬᠦ ᠲᠤᠭᠤᠷᠢᠭ‌‍ᠤᠨ ᠨᠠᠮ ᠤᠨ ᠭᠡᠰᠢᠭᠦᠨ ᠺᠠᠳ᠋ᠷᠴᠤᠳ ᠢ ᠳᠠᠶᠢᠴᠢᠯᠠᠨ ᠦᠨᠳᠦᠰᠦᠨ ᠱᠠᠲᠤᠨ ᠳᠤ ᠣᠴᠢᠭᠤᠯᠵᠤ᠂ ᠨᠡᠶᠢᠭᠡᠮ ᠲᠣᠭᠤᠷᠢᠭ ᠲᠤ ᠣᠴᠢᠭᠤᠯᠵᠤ᠂ ᠣᠯᠠᠨ ᠲᠦᠮᠡᠨ ᠲᠠᠢ ᠣᠶᠢᠷᠠᠲᠤᠭᠤᠯᠤᠨ᠂ ᠪᠣᠳᠠᠲᠠᠶ ᠠᠰᠠᠭᠤᠳᠠᠯ ᠢ ᠨᠢ ᠬᠠᠪᠰᠤᠷᠤᠨ  ᠰᠢᠢᠤᠡᠪᠤᠷᠢᠯᠡᠵᠤ᠂ ︽ᠠᠷᠠᠳ ᠲᠤ ᠬᠦᠰᠡᠯ ᠱᠠᠭᠠᠷᠳᠠᠯᠭ᠎ᠠ ᠲᠠᠢ ᠪᠣᠯ ᠪᠢᠳᠡᠨ ᠳᠤ ᠬᠠᠷᠢᠭᠤ ᠥᠭᠬᠦ︾᠎ ᠶᠢ ᠪᠡᠶᠡᠯᠡᠭᠦᠯᠵᠦ ᠂ ᠡᠯ᠎ᠡ ᠬᠦᠷᠢᠶᠡᠨ ᠳᠠᠬᠢ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠤᠶᠢᠯᠡᠳᠤᠯᠴᠡᠬᠦ  ᠶᠢ ᠤᠯᠠᠮ ᠨᠢᠭᠡ ᠠᠯᠬᠤᠮ ᠴᠢᠩᠭᠠᠳᠬᠠᠨ᠂ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠠᠭᠤᠷᠢ ᠶᠢ ᠪᠠᠬᠢᠵᠢᠭᠦᠯᠵᠦ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号