ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/16
     3 ᠰᠠᠷ᠎ᠠ ᠶᠢᠨ 11᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠬᠤᠷᠠᠯᠳᠤᠪᠠ᠃      ᠬᠤᠷᠠᠯ ᠠᠴᠠ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠠᠮᠢᠶ᠎ᠠ ᠪᠦᠬᠦᠢ ᠠᠵᠢᠯ ᠤᠨ ᠳᠦᠷᠢᠮ᠂ ᠲᠣᠭᠤᠷᠢᠨ ᠵᠢᠯᠣᠭᠤᠳᠬᠤ ᠳᠤᠭᠤᠶᠢᠯᠠᠩ ᠤᠨ ᠬᠥᠮᠦᠰ ᠤᠨ ᠨᠡᠷᠡᠰ ᠵᠢᠴᠢ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠢᠢᠷ᠎ᠠ ᠶᠢᠨ ᠬᠤᠭᠤᠴᠠᠭᠠᠨ ᠤ ᠠᠵᠢᠯ ᠢ ᠰᠤᠳᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠪᠦᠬᠦ ᠨᠠᠮ ᠤᠨ ᠬᠡᠪᠴᠢᠶᠡᠨ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠲᠥᠪ  ᠬᠤᠷᠢᠶ᠎ᠠ ᠨᠠᠮ ᠤᠨ ᠵᠠᠭᠤᠨ ᠵᠢᠯ ᠤᠨ ᠲᠡᠦᠬᠡ ᠶᠢᠨ ᠰᠢᠨ᠎ᠡ ᠭᠠᠷᠤᠭ᠎ᠠ ᠳᠤ ᠰᠠᠭᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠣᠯᠤᠨ ᠳᠡᠯᠡᠬᠡᠢ ᠶᠢᠨ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠪᠦᠬᠦ ᠨᠠᠮ ᠪᠦᠬᠦ ᠤᠯᠤᠰ ᠢ ᠳᠠᠶᠢᠴᠢᠯᠠᠨ ᠢᠲᠡᠭᠡᠯ ᠲᠡᠭᠦᠯᠳᠡᠷ ᠢᠶᠠᠷ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠳᠤ ᠣᠷᠣᠯᠴᠠᠭᠤᠯᠬᠤ ᠶᠢᠨ ᠲᠥᠯᠥᠭᠡ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠣᠯᠤᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠵᠣᠬᠢᠶᠠᠨ ᠪᠠᠶᠢᠭᠤᠯᠵᠤ ᠥᠷᠨᠢᠭᠦᠯᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠤᠯᠤᠰ ᠲᠦᠷᠦ ᠪᠠ ᠪᠦᠬᠦ ᠲᠠᠯ᠎ᠠ ᠶᠢᠨ ᠦᠨᠳᠦᠷᠴᠡ ᠠᠴᠠ ᠨᠠᠮ ᠤᠨ ᠲᠥᠪ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠲᠣᠭᠲᠠᠭᠠᠭᠰᠠᠨ ᠴᠢᠬᠤᠯᠠ ᠶᠡᠭᠡ ᠠᠴᠢ ᠬᠤᠯᠪᠣᠭᠳᠠᠯ ᠪᠠ ᠠᠯᠤᠰ ᠬᠡᠳᠦ ᠶᠢᠨ ᠪᠣᠳᠣᠯᠬᠢᠯᠠᠯ ᠢ ᠭᠦᠨᠵᠡᠭᠡᠢ ᠣᠶᠢᠯᠠᠭᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ ᠪᠠ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠦᠨᠡᠨᠬᠦ ᠨᠢᠭᠡᠳᠬᠡᠵᠦ᠂ ᠡᠨᠡᠬᠦ ᠴᠢᠬᠤᠯᠠ ᠤᠯᠤᠰ ᠲᠦᠷᠦ ᠶᠢᠨ ᠡᠭᠦᠷᠭᠡ ᠶᠢ ᠪᠣᠳᠠᠲᠠᠢ ᠠᠳᠬᠤᠵᠤ ᠰᠠᠶᠢᠲᠤᠷ ᠠᠳᠬᠤᠬᠤ ᠬᠡᠷᠡᠭᠲᠡᠢ  ᠭᠡᠵᠤ ᠵᠢᠭᠠᠵᠠᠢ᠃
     ᠬᠤᠷᠠᠯ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠬᠠᠷᠠᠯᠲᠠ ᠡᠭᠦᠷᠭᠡ ᠪᠠᠨ ᠣᠨᠣᠪᠴᠢᠲᠠᠢ ᠡᠵᠡᠮᠳᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠲᠠᠰᠤᠷᠠᠯᠳᠡ ᠦᠭᠡᠢ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠬᠠᠷᠠᠯᠲᠠ ᠱᠠᠭᠠᠷᠳᠠᠯᠭ᠎ᠠ ᠶᠢ ᠡᠵᠡᠮᠳᠡᠵᠦ᠂ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ ᠬᠠᠶᠢᠷᠤᠪ ᠤᠨ ᠲᠤᠬᠤᠢ ᠲᠤᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠤᠷᠤᠯᠴᠠᠯᠭ᠎ᠠ ᠬᠥᠮᠦᠵᠢᠯ ᠤᠨ ᠡᠯ᠎ᠡ ᠭᠤᠭᠴᠤᠭ᠎ᠠ᠂ ᠡᠯ᠎ᠡ ᠲᠠᠯ᠎ᠠ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠲᠥᠯᠥᠪᠵᠢᠭᠦᠯᠬᠦ ᠬᠡᠷᠡᠭᠲᠡᠢ᠃ ᠡᠭᠦᠨ ᠤ ᠬᠠᠮᠲᠤ ᠬᠤᠳᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠲᠣᠭᠤᠷᠢᠨ ᠵᠢᠯᠣᠭᠤᠳᠬᠤ ᠳᠤᠭᠤᠶᠢᠯᠠᠩ ᠯᠤᠭ᠎ᠠ ᠶᠢᠨ ᠵᠢᠭᠠᠪᠤᠷᠢ ᠠᠪᠴᠤ ᠬᠠᠷᠢᠭᠤ ᠮᠡᠳᠡᠭᠦᠯᠬᠦ ᠪᠠ ᠤᠯᠤᠯᠴᠠᠨ ᠵᠣᠯᠭᠠᠭᠤᠯᠬᠤ ᠶᠢ ᠴᠢᠩᠭᠠᠳᠬᠠᠵᠤ᠂ ᠳᠡᠭᠡᠳᠦ ᠱᠠᠲᠤᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠠᠶᠢᠷᠤᠪ ᠤᠨ ᠲᠤᠬᠤᠢ ᠶᠢᠨ ᠲᠣᠭᠤᠷᠢᠭ ᠲᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠠᠵᠢᠯ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠪᠣᠯᠤᠨ ᠡᠯ᠎ᠡ ᠵᠦᠢᠯ ᠤᠨ ᠠᠵᠢᠯ ᠢ ᠬᠤᠶᠠᠷ ᠲᠠᠯ᠎ᠠ ᠪᠠᠷ ᠠᠳᠬᠤᠵᠤ ᠬᠤᠶᠠᠷ ᠢ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ᠃ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠳᠤ ᠡᠷᠬᠡᠪᠰᠢ ᠭᠤᠣᠯᠳᠠᠯᠭ᠎ᠠ ᠲᠠᠢ ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ︽ᠬᠤᠶᠠᠷ ᠲᠠᠯ᠎ᠠ ᠶᠢ ᠠᠳᠬᠤᠵᠤ᠂ ᠬᠤᠶᠠᠷ ᠢ ᠠᠬᠢᠭᠤᠯᠬᠤ︾᠎ ᠶᠢ ᠪᠡᠶᠡᠯᠡᠭᠦᠯᠬᠦ ᠬᠡᠷᠡᠭᠲᠡᠶ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠰᠢᠢᠤᠡᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠴᠠᠭ ᠪᠠ ᠣᠶᠤᠨ ᠴᠢᠳᠠᠯ ᠢᠶᠠᠨ ᠰᠠᠶᠢᠲᠤᠷ ᠲᠣᠬᠢᠷᠠᠭᠤᠯᠵᠤ᠂ ᠡᠬᠢ ᠪᠠᠶᠠᠯᠢᠭ ᠤᠨ ᠬᠦᠴᠦᠨ ᠢ ᠰᠠᠶᠢᠲᠤᠷ ᠨᠢᠭᠡᠳᠦᠯᠲᠡᠶ ᠲᠥᠯᠥᠪᠯᠡᠨ᠂ ᠡᠯ᠎ᠡ ᠵᠤᠶᠢᠯ ᠤᠨ ᠠᠵᠢᠯ ᠢᠶᠠᠨ ᠯᠠᠪᠳᠠᠭᠤᠨ ᠪᠠᠲᠤᠲᠠᠶ ᠪᠠᠷ ᠴᠢᠩᠭ᠎ᠠ ᠠᠳᠬᠤᠵᠤ ᠰᠠᠶᠢᠲᠤᠷ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠠᠬᠢᠭᠤᠯᠬᠤ ᠬᠡᠷᠡᠭᠲᠡᠢ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠭᠡ ᠲᠠᠯ᠎ᠠ ᠶᠢᠨ ᠰᠡᠳᠬᠢᠬᠦᠶ ᠪᠠᠨ ᠴᠢᠩᠭᠠᠳᠬᠠᠵᠤ᠂  ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠳᠡᠭᠡᠳᠦ ᠱᠠᠲᠤᠨ ᠤ ᠬᠢᠨ ᠲᠠᠢ ᠰᠠᠨᠠᠭᠠᠴᠢᠯᠠᠭ᠎ᠠ ᠠᠴᠠ ᠪᠠᠨ ᠬᠤᠲᠠ ᠶᠢᠨ ᠵᠢᠭᠠᠨ ᠵᠢᠯᠣᠭᠤᠳᠬᠤ ᠳᠤᠭᠤᠶᠢᠯᠠᠩ ᠯᠤᠭ᠎ᠠ ᠶᠢᠨ ᠨᠡᠪᠲᠡᠷᠡᠯᠴᠡᠭᠡ᠂ ᠵᠣᠯᠭᠠᠯᠴᠠᠭ᠎ᠠ ᠪᠠᠨ ᠴᠢᠩᠭᠠᠳᠬᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ  ᠬᠤᠷᠢᠶ᠎ᠠ ᠶᠢᠨ ᠬᠠᠮᠤᠭ ᠤᠨ ᠰᠢᠨ᠎ᠡ ᠵᠣᠷᠢᠭ ᠰᠠᠨᠠᠭᠠᠨ ᠤ ᠱᠠᠭᠠᠷᠳᠠᠯᠭ᠎ᠠ ᠶᠢ ᠴᠠᠭ ᠲᠤᠬᠠᠢ ᠳᠤᠨᠢ ᠤᠢᠢᠯᠠᠭᠠᠨ ᠡᠵᠡᠮᠰᠢᠵᠦ᠂ ᠡᠯ᠎ᠡ ᠰᠠᠯᠠᠭ᠎ᠠ ᠮᠥᠴᠢᠷ ᠤᠨ ᠠᠵᠢᠯ ᠢᠶᠠᠨ ᠥᠷᠨᠢᠭᠦᠯᠵᠦ ᠪᠠᠶᠢᠭ᠎ᠠ ᠪᠠᠶᠢᠳᠠᠯ ᠢ ᠴᠠᠭ ᠲᠤᠬᠠᠢ ᠳᠤᠨᠢ ᠠᠩᠬᠠᠷᠴᠤ᠂ ᠠᠯᠳᠠᠭᠳᠠᠯ ᠢ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠵᠣᠷᠢᠭᠲᠠᠢ ᠪᠠᠷ ᠴᠢᠷᠮᠠᠶᠢᠨ ᠲᠡᠮᠡᠴᠡᠵᠦ᠂ ᠬᠤᠷᠳᠤᠴᠠ ᠪᠠᠨ ᠲᠦᠷᠭᠡᠳᠬᠡᠵᠦ ᠲᠡᠷᠢᠭᠦᠨ ᠳᠤ ᠣᠷᠣᠬᠤ ᠪᠠᠷ ᠴᠢᠷᠮᠠᠶᠢᠬᠤ ᠴᠤᠭ ᠰᠦᠯᠳᠡ ᠪᠠᠷ ᠪᠦᠬᠦ ᠬᠦᠴᠦᠨ ᠢᠶᠠᠷ ᠢᠶᠠᠨ ᠴᠢᠷᠮᠠᠶᠢᠨ ᠰᠠᠶᠢᠲᠤᠷ ᠬᠢᠵᠦ ᠰᠠᠶᠢᠲᠤᠷ ᠪᠦᠲᠦᠭᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号