ᠲᠤᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠬᠠᠪᠰᠤᠷᠤᠨ ᠭᠦᠢᠴᠠᠤᠡᠭᠡᠬᠦ ᠣᠷᠣᠯᠠᠨ ᠭᠦᠢᠴᠠᠤᠡᠭᠡᠬᠦ  ᠤᠶᠢᠯᠡᠴᠢᠯᠡᠭᠡᠨ ᠤ  ᠤᠶᠢᠯᠡᠳᠤᠯ ᠎ ᠢᠶᠠᠨ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2021/3/18
     ︽ᠪᠠᠭᠤᠯᠭᠠᠬᠤ ᠬᠠᠮᠢᠶᠠᠷᠬᠤ ᠤᠶᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠪᠥᠬᠦ  ᠲᠤᠭᠤᠷᠢᠭ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠦᠴᠦ ᠨᠡᠮᠡᠷᠢᠯᠡᠬᠦ ᠶᠢᠨ ᠲᠤᠰᠠᠳᠠ᠂ ᠬᠠᠶᠢᠷᠤᠪ ᠤᠨ ᠲᠤᠬᠤᠢ ᠲᠤᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠨᠢ ᠬᠠᠪᠰᠤᠷᠤᠨ  ᠭᠦᠢᠴᠠᠤᠡᠭᠡᠬᠦ ᠣᠷᠣᠯᠠᠨ ᠭᠦᠢᠴᠠᠤᠡᠭᠡᠬᠦ  ᠤᠶᠢᠯᠡᠴᠢᠯᠡᠭᠡᠨ ᠤ ᠲᠣᠭᠲᠠᠴᠠ ᠶᠢ ᠭᠦᠨᠵᠡᠭᠡᠶᠢᠷᠡᠭᠦᠯᠵᠦ᠂ ᠬᠠᠪᠰᠤᠷᠤᠨ ᠭᠦᠢᠴᠠᠤᠡᠭᠡᠬᠦ ᠣᠷᠣᠯᠠᠨ ᠭᠦᠢᠴᠠᠤᠡᠭᠡᠬᠦ ᠤᠶᠢᠯᠡᠴᠢᠯᠡᠭᠡᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ︽ᠤᠶᠢᠯᠡᠴᠢᠯᠡᠭᠡ  ᠨᠢ ᠬᠢᠵᠠᠭᠠᠷ ᠥᠬᠡᠶ᠂ ᠡᠭᠦᠷᠢᠳᠡ ᠳᠠᠭᠤᠰᠤᠰᠢ ᠥᠬᠡᠶ︾ ᠪᠠᠶᠢᠬᠤ ᠡᠷᠴᠢ ᠵᠣᠷᠢᠭ ᠢᠶᠠᠷ ᠬᠠᠪᠰᠤᠷᠤᠨ ᠭᠦᠢᠴᠠᠤᠡᠭᠡᠬᠦ ᠣᠷᠣᠯᠠᠨ  ᠭᠦᠢᠴᠠᠤᠡᠭᠡᠬᠦ ᠤᠶᠢᠯᠡᠴᠢᠯᠡᠭᠡᠨ ᠤ ᠬᠦᠴᠦᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃      ᠬᠠᠪᠰᠤᠷᠤᠨ ᠭᠦᠢᠴᠠᠤᠡᠭᠡᠬᠦ ᠣᠷᠣᠯᠠᠨ  ᠭᠦᠢᠴᠠᠤᠡᠭᠡᠬᠦ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠥᠯᠥᠭᠡ᠂  ᠬᠠᠶᠢᠷᠤᠪ ᠤᠨ ᠲᠤᠬᠤᠢ ᠲᠤᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠨᠢ ᠬᠠᠪᠰᠤᠷᠤᠨ  ᠭᠦᠢᠴᠠᠤᠡᠭᠡᠬᠦ ᠣᠷᠣᠯᠠᠨ  ᠭᠦᠢᠴᠠᠤᠡᠭᠡᠬᠦ ᠴᠣᠩᠬᠤᠨ ᠤ 155 ᠵᠤᠶᠢᠯ ᠤᠨ ᠬᠢᠨᠠᠨ ᠵᠥᠪᠰᠢᠶᠡᠷᠡᠬᠦ ᠵᠤᠶᠢᠯᠡᠰ ᠵᠢᠴᠢ ᠬᠤᠯᠪᠣᠭᠳᠠᠬᠤ ᠵᠤᠶᠢᠯᠡᠰ ᠲᠤ ᠴᠢᠭᠯᠡᠭᠦᠯᠦᠨ᠂ ᠵᠥᠪᠬᠡᠨ ᠨᠢᠭᠡ ᠴᠣᠩᠬᠤ ᠪᠠᠷ ᠭᠥᠯᠢᠶᠡᠨ ᠠᠪᠴᠤ ᠰᠢᠢᠤᠡᠪᠤᠷᠢᠯᠡᠬᠦ᠂ ᠠᠷᠤ ᠲᠠᠯ᠎ᠠ ᠪᠠᠷ ᠬᠢᠨᠠᠨ ᠵᠥᠪᠰᠢᠶᠡᠷᠡᠬᠦ᠂ ᠴᠣᠩᠬᠤ ᠪᠠᠷ ᠮᠠᠲ᠋ᠧᠷᠢᠶᠠᠯ ᠠᠪᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠠᠳᠠᠯᠢ ᠪᠤᠰᠤ ᠲᠥᠷᠥᠯ ᠬᠡᠯᠪᠡᠷᠢ᠂ ᠠᠳᠠᠯᠢ ᠪᠤᠰᠤ ᠪᠠᠶᠢᠳᠠᠯ ᠲᠠᠢ ᠠᠵᠤ ᠠᠬᠤᠶᠢᠯᠠᠯ ᠪᠤᠶᠤ ᠣᠯᠠᠨ ᠲᠦᠮᠡᠨ ᠳᠤ ᠬᠠᠨᠳᠤᠭᠤᠯᠤᠨ᠂ ᠥᠪᠡᠷᠮᠢᠴᠡ᠂ ᠵᠦᠷᠢᠶᠡᠴᠢᠯᠡᠭᠰᠡᠨ ︽ᠨᠢᠭᠡ ᠳᠤ ᠨᠢᠭᠡ︾ ᠬᠠᠪᠰᠤᠷᠤᠨ ᠭᠦᠢᠴᠠᠤᠡᠭᠡᠬᠦ ᠣᠷᠣᠯᠠᠨ  ᠭᠦᠢᠴᠠᠤᠡᠭᠡᠬᠦ ᠤᠶᠢᠯᠡᠴᠢᠯᠡᠭᠡ ᠶᠢ ᠬᠠᠩᠭᠠᠨ᠎ᠠ᠃ ᠡᠭᠦᠨ ᠤ ᠵᠡᠷᠭᠡ ᠳᠤ᠂ ᠨᠢᠭᠡ ᠥᠷᠲᠡᠭᠡᠨ ᠤ ᠮᠠᠶ᠋ᠢᠭ ᠤᠨ ᠠᠵᠤ ᠠᠬᠤᠶᠢᠯᠠᠯ ᠤᠨ ᠲᠤᠰᠬᠠᠶ ᠣᠷᠣᠨ ᠡᠷᠭᠢᠯᠡᠬᠦ ᠶᠢ ᠢᠳᠡᠪᠬᠢᠲᠡᠶ ᠪᠣᠶ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠤᠷᠢᠳ ᠢᠶᠠᠷ  ᠤᠶᠢᠯᠡᠴᠢᠯᠡᠨ᠂ ᠠᠵᠤ ᠠᠬᠤᠶᠢᠯᠠᠯᠲᠠᠨ ᠪᠠ ᠭᠤᠤᠯᠳᠠᠯᠭ᠎ᠠ ᠲᠠᠢ ᠲᠥᠷᠥᠯ ᠵᠤᠶᠢᠯ ᠤᠨ ︽ᠰᠠᠭᠠᠳ ᠥᠬᠡᠶ ᠨᠡᠪᠲᠡᠷᠡᠬᠦ ᠵᠠᠮ︾᠎ ᠢ ᠨᠡᠭᠡᠭᠡᠵᠦ᠂ ᠬᠠᠪᠰᠤᠷᠤᠨ ᠭᠦᠢᠴᠠᠤᠡᠭᠡᠬᠦ ᠪᠠ ᠣᠷᠣᠯᠠᠨ  ᠭᠦᠢᠴᠠᠤᠡᠭᠡᠬᠦ ᠠᠵᠢᠯᠲᠠᠨ ᠲᠤᠰᠬᠠᠶ ᠮᠡᠷᠭᠡᠵᠢᠯ ᠤᠨ ᠤᠶᠢᠯᠡᠴᠢᠯᠡᠭᠡᠨ ᠤ ᠬᠢᠷᠢ ᠲᠦᠪᠰᠢᠨ ᠢᠶᠠᠷ ᠳᠠᠮᠵᠢᠭᠤᠯᠤᠨ ᠠᠵᠢᠯ ᠶᠠᠪᠤᠳᠠᠯ  ᠭᠦᠢᠴᠠᠤᠡᠭᠡᠬᠦ ᠠᠵᠤ ᠠᠬᠤᠶᠢᠯᠠᠯ ᠪᠠ ᠣᠯᠠᠨ ᠲᠦᠮᠡᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠤᠬᠠᠶᠢᠯᠠᠭᠰᠠᠨ ᠠᠵᠢᠯ ᠢ ᠬᠠᠪᠰᠤᠷᠤᠨ  ᠭᠦᠢᠴᠠᠤᠡᠭᠡᠨ᠎ᠡ᠃ ︽ᠨᠢᠭᠡ ᠬᠡᠯᠬᠢᠶ᠎ᠡ︾᠎ ᠶᠢᠨ ᠪᠢᠲᠡᠭᠦᠦ ᠴᠠᠭᠠᠷᠢᠭ ᠤᠨ ᠦᠢᠯᠡᠴᠢᠯᠡᠭᠡ ᠨᠢ ᠠᠵᠢᠯ ᠤᠨ ᠦᠷ᠎ᠡ ᠪᠦᠲᠦᠮᠵᠢ ᠶᠢ ᠶᠡᠬᠡᠪᠡᠷ ᠳᠡᠭᠡᠭᠰᠢᠯᠡᠭᠦᠯᠵᠦ᠂ ︽ᠠᠰᠠᠷᠠᠭᠴᠢ ᠮᠠᠶ᠋ᠢᠭ︾᠎ ᠤᠨ ᠳᠣᠲᠣᠨᠣ ᠦᠢᠯᠡᠴᠢᠯᠡᠭᠡ ᠨᠢ ᠤᠯᠠᠨ ᠲᠦᠮᠡᠨ ᠤ ᠭᠦᠶᠦᠬᠦ ᠤᠳᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃    ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠨᠢ ᠬᠠᠪᠰᠤᠷᠤᠨ  ᠭᠦᠢᠴᠠᠤᠡᠭᠡᠬᠦ ᠣᠷᠣᠯᠠᠨ ᠭᠦᠢᠴᠠᠤᠡᠭᠡᠬᠦ ᠤᠶᠢᠯᠡᠴᠢᠯᠡᠭᠡᠨ ᠤ ᠬᠦᠷᠢᠶ᠎ᠡ ᠪᠠᠨ ᠲᠠᠰᠤᠷᠠᠯᠲᠠ ᠥᠬᠡᠶ ᠥᠷᠭᠡᠳᠬᠡᠵᠦ᠂ ᠬᠠᠮᠢᠶ᠎ᠠ ᠪᠥᠬᠦᠶ  ᠤᠶᠢᠯᠡᠴᠢᠯᠡᠭᠡᠨ ᠤ ᠰᠢᠰᠲ᠋ᠧᠮᠵᠢ ᠶᠢ ᠨᠠᠷᠢᠯᠢᠬᠵᠢᠭᠤᠯᠵᠤ᠂ ᠣᠯᠠᠨ ᠲᠦᠮᠡᠨ ᠳᠤ ᠰᠢᠯᠢᠳᠡᠭ ᠤᠶᠢᠯᠡᠴᠢᠯᠡᠭᠡ ᠠᠴᠠ ᠪᠣᠯᠤᠭᠰᠠᠨ ᠠᠵᠢᠯ ᠶᠠᠪᠤᠳᠠᠯ ᠭᠦᠢᠴᠠᠤᠡᠭᠡᠬᠦ ᠳᠤ ᠲᠥᠬᠦᠮ ᠳᠥᠲᠡ ᠪᠠᠶᠢᠬᠤ ᠶᠢ ᠮᠡᠳᠡᠷᠡᠭᠦᠯᠵᠦ᠂ ᠪᠥᠬᠦ ᠲᠤᠭᠤᠷᠢᠭ ᠤᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号