ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠤᠨ ᠭᠤᠣᠯᠳᠠᠯᠭ᠎ᠠ ᠲᠠᠢ ᠡᠭᠦᠷᠭᠡ ᠶᠢᠨ ᠬᠤᠪᠢᠶᠠᠷᠢᠯᠠᠯ ᠢ ᠲᠣᠭᠲᠠᠭᠠᠪᠠ
ᠨᠡᠶᠢᠲᠡᠯᠡᠭᠰᠡᠨ ᠴᠠᠭ᠄
2021/3/18
     ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠤᠨ ᠭᠤᠣᠯᠳᠠᠯᠭ᠎ᠠ ᠲᠠᠢ ᠡᠭᠦᠷᠭᠡ ᠶᠢᠨ ᠬᠤᠪᠢᠶᠠᠷᠢᠯᠠᠯ ᠢ ᠲᠣᠭᠲᠠᠭᠠᠪᠠ‌ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠥᠭᠡᠳ ᠬᠦᠴᠦᠲᠡᠶ ᠪᠠᠷ ᠰᠠᠶᠢᠲᠤᠷ ᠠᠳᠬᠤᠵᠤ᠂ ᠠᠵᠤ ᠠᠬᠤᠶ ᠶᠢ ᠲᠣᠭᠲᠠᠭᠤᠨ ᠤ ᠳᠤᠮᠳᠠ ᠪᠠᠬᠢᠵᠢᠭᠦᠯᠦᠨ‌‍ᠬᠥ᠋ᠭᠵᠢᠭᠦᠯᠵᠦ᠂ ᠯᠠᠪᠳᠠᠭᠤᠨ ᠢᠶᠠᠷ ᠤᠷᠤᠭᠰᠢᠯᠠᠨ ᠠᠯᠤᠰ ᠢ ᠵᠣᠷᠢᠬᠤ ᠬᠡᠷᠡᠭᠲᠡᠶ ᠭᠡᠵᠦ ᠱᠠᠭᠠᠷᠳᠠᠪᠠ‌‍ᠲ᠋ᠥ᠋ᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 3 ᠳ᠋ᠤᠭᠠᠷ ᠰᠠᠷ᠎ᠠ ᠶᠢᠨ 15᠎ ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ‍ᠤ‌‍ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠤᠨ ᠭᠤᠣᠯᠳᠠᠯᠭ᠎ᠠ ᠲᠠᠢ ᠡᠭᠦᠷᠭᠡ ᠶᠢᠨ ᠬᠤᠪᠢᠶᠠᠷᠢᠯᠠᠯ ᠢ‌‍ᠲ᠋ᠣᠭᠲᠠᠭᠠᠵᠤ᠂ ᠯᠠᠪᠳᠠᠭᠤᠨ ᠪᠥᠭᠡᠳ ᠬᠦᠴᠦᠲᠡᠶ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠤ ᠠᠬᠤᠶ ᠶᠢ ᠲᠣᠭᠲᠠᠭᠤᠨ ᠤ ᠳᠤᠮᠳᠠ ᠪᠠᠬᠢᠵᠢᠭᠦᠯᠦᠨ‌‍ᠬᠥ᠋ᠭᠵᠢᠭᠦᠯᠵᠦ᠂ ᠯᠠᠪᠳᠠᠭᠤᠨ ᠢᠶᠠᠷ ᠤᠷᠤᠭᠰᠢᠯᠠᠨ ᠠᠯᠤᠰ ᠢ ᠵᠣᠷᠢᠬᠤ ᠬᠡᠷᠡᠭᠲᠡᠶ ᠭᠡᠵᠦ ᠱᠠᠭᠠᠷᠳᠠᠪᠠ᠃       ᠬᠤᠷᠠᠯ ᠠᠴᠠ ᠵᠢᠭᠠᠬᠤ ᠳᠤ ᠪᠠᠨ᠂ ᠰᠠᠶ᠋ᠢᠬᠠᠨ ᠲᠡᠭᠦᠰᠦᠭᠰᠡᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ‍ᠤᠨ‌‍ᠶᠡᠭᠡ ᠬᠤᠷᠠᠯ ᠤᠨ ᠳᠥᠷᠪᠡᠳᠦᠭᠡᠷ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠨᠢ ᠡᠨᠡ ᠵᠢᠯ ᠤᠨ ᠵᠠᠰᠠᠭ ‍ᠤᠨ‌ᠣᠷᠳᠣᠨ ᠤ ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ‌ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ‌‍ᠬᠥ᠋ᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠯᠠᠭᠤᠯᠤᠯᠲᠠ ᠶᠢ ᠪᠠᠶᠢᠭᠤᠯᠵᠤ᠂ ᠴᠢᠨᠠᠷᠯᠢᠭ ᠬᠥᠭᠵᠢᠯᠲᠡ ᠶᠢ ᠠᠬᠢᠭᠤᠯᠵᠤ᠂ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ᠬᠠᠷᠢᠭᠤᠴᠠᠯᠭ᠎ᠠ ᠶᠢ ᠡᠭᠦᠷᠭᠡᠯᠡᠨ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠵᠠᠰᠠᠭ ᠤᠨ ᠣᠷᠳᠣᠨ ᠤ ᠠᠷᠠᠳ ᠲᠦᠮᠡᠨ ᠳ᠋ᠤ᠋‌ᠠᠮᠠᠯᠳᠠᠭᠰᠠᠨ ᠠᠮᠠᠯᠠᠯᠲᠠ ᠶᠢ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠰᠢᠨ᠎ᠡ ᠦᠷ᠎ᠡ ᠪᠦᠲᠦᠮᠵᠢ ᠪᠣᠯᠭᠠᠬᠤ ᠬᠡᠷᠡᠭᠲᠡᠢ ᠭᠡᠵᠡᠢ᠃ᠬᠤᠷᠠᠯ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠳᠤ ᠳᠤᠷᠠᠳᠤᠭᠰᠠᠨ 38 ᠲᠠᠯ᠎ᠠ ᠶᠢᠨ 44 ᠭᠤᠣᠯᠳᠠᠯᠭ᠎ᠠ ᠲᠠᠢ ᠠᠵᠢᠯ ᠢ ᠲᠦᠷᠦ ᠶᠢᠨ ᠶᠠᠪᠤᠳᠠᠯ ‍ᠤᠨ‌ᠬᠤᠷᠢᠶᠠᠨ ᠤ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠣᠷᠣᠨ ᠨᠤᠲᠤᠭ ᠲᠤ ᠬᠤᠪᠢᠶᠠᠨ ᠥᠭᠴᠦ᠂ ᠬᠠᠷᠢᠭᠤᠴᠠᠯᠭ᠎ᠠ ᠪᠣᠯᠤᠨ ᠪᠡᠶᠡᠯᠡᠭᠦᠯᠬᠦ ᠴᠠᠭ ᠤᠨ ᠬᠢᠵᠠᠭᠠᠷ ᠢ‌‍ᠲ᠋ᠣᠳᠣᠷᠬᠠᠶᠢᠯᠠᠪᠠ᠃       ᠬᠤᠷᠠᠯ ᠠᠴᠠ ᠵᠢᠭᠠᠬᠤ ᠳᠤ ᠪᠠᠨ᠂ ᠡᠨᠡ ᠵᠢᠯ ᠤᠨ ᠲᠦᠷᠦᠭᠦᠦ ᠬᠤᠶᠠᠷ ᠰᠠᠷ᠎ᠠ ᠳᠤ ᠠᠵᠤ ᠠᠬᠤᠶ ᠶᠢᠨ ᠠᠵᠢᠯᠯᠠᠭᠠᠨ ᠦᠷᠭᠦᠯᠵᠢᠯᠡᠨ ᠰᠡᠷᠭᠦᠵᠦ᠂ ᠬᠥᠭᠵᠢᠯᠲᠡ ᠵᠢᠨ‌‍ᠬᠥ᠋ᠳᠡᠯᠭᠡᠬᠦ ᠬᠦᠴᠦᠨ ᠲᠠᠰᠤᠷᠠᠯᠲᠠ ᠦᠭᠡᠶ ᠴᠢᠩᠭᠠᠷᠠᠭᠰᠠᠨ ᠪᠣᠯᠪᠠᠴᠤ ᠰᠡᠷᠭᠦᠭᠡᠯᠲᠡ ᠶᠢᠨ ᠠᠬᠢᠴᠠ ᠮᠥᠨ ᠬᠦ ᠲᠡᠩᠴᠡᠭᠦᠷᠢ ᠦᠭᠡᠶ ᠪᠠᠶᠢᠵᠤ᠂ ᠦᠢᠯᠡᠴᠢᠯᠡᠭᠡᠨ ᠤ ᠦᠢᠯᠡᠰ᠂ᠵᠢᠵᠢᠭ ᠪᠢᠴᠢᠯ ᠠᠵᠤ ᠠᠬᠤᠶᠢᠯᠠᠯ ᠪᠣᠯᠤᠨ ᠵᠠᠷᠢᠮ ᠣᠷᠣᠨ ᠨᠤᠲᠤᠭ ᠤᠨ ᠠᠵᠤ ᠠᠬᠤᠶ ᠶᠢᠨ ᠰᠡᠷᠭᠦᠯᠲᠡ ᠳᠤ ᠪᠠᠰᠠ ᠴᠦ ᠴᠥᠭᠡᠨ ᠪᠤᠰᠤ ᠬᠦᠴᠢᠷᠳᠡᠯ ᠲᠤᠯᠭᠠᠷᠠᠵᠤ‌‍ᠪᠠᠶᠢᠨ᠎ᠠ᠃ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠳᠤ ᠲᠣᠭᠲᠠᠭᠠᠭᠰᠠᠨ ᠪᠦᠬᠦ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠱᠠᠯᠠᠪᠳᠠᠨ‌ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠠᠵᠢᠯᠯᠠᠭᠠᠨ ᠢ ᠵᠦᠢ ᠵᠣᠬᠢᠰᠲᠠᠶ ᠬᠡᠪᠴᠢᠶᠡᠨ ᠳᠤ ᠪᠠᠶᠢᠯᠭᠠᠬᠤ ᠶᠢ ᠪᠠᠲᠤᠯᠠᠬᠤ ᠬᠡᠷᠡᠭᠲᠡᠶ ᠭᠡᠪᠡ᠃ ᠨᠢᠭᠡ ᠳᠤ᠂ ᠳᠡᠯᠡᠬᠡᠶ ᠵᠢᠨ‌ᠠᠵᠤ ᠠᠬᠤᠶ ᠶᠢᠨ ᠪᠠᠶᠢᠳᠠᠯ ᠤᠨ ᠬᠤᠪᠢᠷᠠᠯᠲᠠ ᠵᠢᠴᠢ ᠮᠠᠨ ᠤ ᠤᠯᠤᠰ ᠲᠤ ᠦᠵᠡᠭᠦᠯᠬᠦ ᠨᠥᠯᠥᠭᠡ ᠶᠢ ᠨᠢᠭᠲᠠ ᠮᠦᠷᠳᠡᠨ ᠳᠠᠭᠠᠵᠤ᠂ ᠤᠯᠤᠰ ᠤᠨ ᠳᠣᠲᠣᠭᠠᠳᠤ ᠵᠢᠨ‌ᠠᠵᠤ ᠠᠬᠤᠶ ᠶᠢᠨ ᠠᠵᠢᠯᠯᠠᠭᠠᠨ ᠤ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠪᠠ ᠡᠷᠭᠢᠯᠲᠡ ᠶᠢᠨ ᠬᠤᠭᠤᠴᠠᠭᠠᠨ ᠤ ᠬᠢ ᠲᠠᠢ ᠬᠠᠷᠢᠴᠠᠭᠤᠯᠤᠭᠰᠠᠨ‌‍ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠭᠦᠨᠵᠡᠭᠡᠶ ᠵᠠᠳᠠᠯᠵᠤ᠂ ᠲᠦᠷᠦ ᠶᠢᠨ ᠪᠤᠳᠤᠯᠭ᠎ᠠ ᠶᠢᠨ ᠤᠷᠢᠳᠴᠢᠯᠠᠭᠰᠠᠨ‌‍ᠲ᠋ᠤᠬᠢᠷᠠᠭᠤᠯᠤᠯᠳᠠ ᠪᠢᠴᠢᠯ ᠲᠤᠬᠢᠷᠠᠭᠤᠯᠤᠯᠳᠡ ᠶᠢ ᠴᠠᠭ ᠲᠤᠬᠠᠶ ᠳᠤ ᠨᠢ ᠬᠡᠷᠡᠭᠵᠢᠭᠦᠯᠵᠦ᠂ ᠢᠯᠠᠩᠭᠤᠶ᠎ᠠ ᠠᠵᠢᠯ ᠣᠯᠭᠤᠯᠲᠠ ᠶᠢ ᠠᠬᠢᠭᠤᠯᠬᠤ᠂ ᠪᠠᠷᠠᠭᠠᠨ ᠤ ᠦᠨ᠎ᠡ ᠵᠢ‌‍ᠲ᠋ᠣᠭᠲᠠᠪᠤᠷᠢᠵᠢᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠤᠨ᠎ᠠ᠃ ᠲᠦᠭᠰᠢᠭᠦᠷᠢ ᠶᠢᠨ ᠲᠠᠯᠳᠠ ᠭᠡᠮ ᠢ‌‍ᠰᠡᠷᠭᠡᠶᠢᠯᠡᠨ ᠨᠠᠮᠳᠠᠭᠠᠵᠤ᠂ ᠠᠵᠤ ᠠᠬᠤᠶ ᠶᠢᠨ ᠲᠣᠭᠲᠠᠭᠤᠨ ᠢᠶᠠᠷ ᠰᠡᠷᠭᠦᠬᠦ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠬᠤᠶᠠᠷ ᠲᠤ᠂ ᠨᠢᠭᠡᠨᠲᠡ ᠲᠣᠭᠲᠠᠭᠠᠭᠰᠠᠨ ᠡᠳ᠋ ‍ᠤᠨ‌ᠵᠠᠰᠠᠭ᠂ ᠮᠥᠩᠭᠦᠨ ᠭᠦᠢᠯᠭᠡᠭᠡ᠂ ᠠᠵᠢᠯ ᠣᠯᠭᠤᠯᠲᠠ ᠵᠡᠷᠭᠡ ᠬᠤᠷᠸ᠎ᠠ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠬᠡᠪᠴᠢᠶ᠎ᠡ ᠵᠢ‌ᠥᠷᠭᠡᠳᠬᠡᠭᠰᠡᠨ ᠤ ᠳᠠᠷᠠᠭᠠᠬᠢ ᠡᠳ᠋ ᠤᠨ ᠵᠠᠰᠠᠭ ᠤᠨ ᠰᠢᠭᠤᠳ ᠬᠦᠷᠭᠡᠬᠦ ᠪᠡᠯᠡ ᠮᠥᠩᠭᠦ ᠶᠢᠨ ᠦᠨᠳᠦᠰᠦᠨ ᠱᠠᠲᠤᠨ ᠳᠠᠬᠢ ᠨᠠᠶᠢᠳᠠᠪᠤᠷᠢᠵᠢᠭᠤᠯᠤᠯᠲᠠ ᠶᠢ ᠲᠦᠷᠭᠡᠳᠬᠡᠵᠦ᠂ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠳᠤ ᠳᠣᠪᠤᠶᠢᠯᠭᠠᠨ ᠬᠡᠷᠡᠭᠯᠡᠬᠦ‌‍ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠠᠷᠪᠢᠯᠠᠨ ᠭᠠᠮᠨᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠠᠵᠢᠯᠯᠠᠭᠠᠨ ᠤ ᠵᠠᠷᠤᠳᠠᠯ ᠢ ᠪᠠᠲᠤᠯᠠᠬᠤ ᠬᠡᠷᠡᠭᠲᠡᠶ᠃ᠵᠢᠵᠢᠭ ᠪᠢᠴᠢᠯ ᠠᠵᠤ ᠠᠬᠤᠶᠢᠯᠠᠯ ᠳᠤ ᠴᠢᠭᠯᠡᠭᠦᠯᠦᠭᠰᠡᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠣᠨᠴᠠᠭᠠᠶᠢᠯᠠᠨ ᠪᠦᠲᠦᠴᠡ ᠵᠢᠨ‌‍ᠴᠢᠨᠠᠷ ᠲᠠᠢ ᠭᠠᠶᠢᠯᠢ ᠬᠥᠩᠭᠡᠯᠡᠬᠦ ᠰᠢᠨ᠎ᠡ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠪᠣᠳᠠᠲᠠᠶ ᠪᠥᠭᠡᠳ ᠨᠠᠷᠢᠯᠢᠭ ᠠᠳᠬᠤᠬᠤ ᠬᠡᠷᠡᠭᠲᠡᠢ᠃ ᠦᠢᠯᠡᠳᠬᠡᠯ ‍ᠤᠨ‌ᠦᠢᠯᠡᠰ ᠤᠨ ᠠᠵᠤ ᠠᠬᠤᠶᠢᠯᠠᠯ ᠤᠨ ᠰᠤᠳᠤᠯᠭᠠᠨ ᠤ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠬᠠᠷᠢᠴᠠᠯ ᠢ ᠳᠡᠭᠡᠭᠰᠢᠯᠡᠭᠦᠯᠬᠦ ᠲᠥᠷᠥ ᠶᠢᠨ ᠪᠣᠳᠣᠯᠭ᠎ᠠ ᠵᠢ‌‍ᠱᠠᠯᠠᠪᠳᠠᠭᠤᠯᠤᠨ ᠬᠡᠷᠡᠭᠵᠢᠭᠦᠯᠵᠦ᠂ ᠳ᠋ᠦᠩᠨᠡᠨ ᠪᠤᠳᠤᠬᠤ ᠬᠤᠭᠤᠴᠠᠭ᠎ᠠ ᠶᠢ ᠪᠣᠭᠤᠨᠢᠰᠬᠠᠵᠤ᠂ ᠠᠵᠤ ᠠᠬᠤᠶᠢᠯᠠᠯ ᠤᠨ ᠲᠤᠬᠠᠶ ᠶᠢᠨ ᠵᠢᠯ ᠳᠤ ᠪᠠᠨ ᠠᠰᠢᠭ ᠣᠯᠬᠤ ᠵᠢ‌‍ᠪᠠᠲᠤᠯᠠᠬᠤ ᠬᠡᠷᠡᠭᠲᠡᠢ᠃ ᠬᠤᠷᠸ᠎ᠠ ᠬᠦᠰᠢᠬᠦᠷᠭᠡ ᠶᠢᠨ ᠨᠤᠷᠮ᠎ᠠ ᠶᠢ ᠦᠨᠳᠦᠰᠦᠨ ᠳᠤ ᠪᠠᠨ ᠲᠣᠭᠲᠠᠭᠤᠨ ᠪᠠᠶᠢᠯᠭᠠᠵᠤ᠂ ᠵᠠᠰᠠᠭ ᠤᠨ ᠣᠷᠳᠣᠨ ᠤ ᠬᠦᠰᠢᠬᠦᠷᠭᠡ ᠵᠢᠨ‌ᠨᠤᠷᠮ᠎ᠠ ᠶᠢ ᠵᠣᠬᠢᠬᠤ ᠬᠡᠮᠵᠢᠶ᠎ᠡ ᠪᠠᠷ ᠪᠠᠭᠤᠷᠠᠭᠤᠯᠬᠤ ᠬᠡᠷᠡᠭᠲᠡᠶ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠪᠣᠳᠠᠲᠠᠶ ᠠᠷᠭ᠎ᠠ‌‍ᠬᠡᠮᠵᠢᠶ᠎ᠡ ᠶᠢ ᠱᠠᠯᠠᠪᠳᠠᠨ ᠨᠡᠶᠢᠲᠡᠯᠡᠭᠦᠯᠵᠦ᠂ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ ᠂ᠶᠡᠷᠦᠩᠬᠡᠶᠢᠯᠡᠭᠰᠡᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠬᠤ ᠶᠢ ᠭᠦᠢᠴᠡᠳᠬᠡᠬᠦ ᠬᠡᠷᠡᠭᠲᠡᠢ᠃ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠶᠢᠨ ᠲᠦᠷᠦ ᠶᠢᠨ ᠪᠤᠳᠤᠯᠭ᠎ᠠ ᠨᠢ ᠴᠥᠮ ᠠᠵᠢᠯ ᠣᠯᠭᠤᠯᠲᠠ ᠶᠢ ᠨᠡᠮᠡᠭᠳᠡᠭᠦᠯᠬᠦ ᠶᠢᠨ ᠲᠣᠭᠤᠷᠢᠨ ᠳᠤ ᠬᠠᠮᠵᠢᠯᠴᠠᠨ‌‍ᠬᠦ᠋ᠴᠦᠯᠡᠬᠦ ᠬᠡᠷᠡᠭᠲᠡᠶ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠣᠶᠤᠲᠠᠳ᠂ ᠴᠡᠷᠢᠭ ᠠᠴᠠ ᠬᠠᠯᠠᠭᠳᠠᠭᠰᠠᠳ᠂ ᠬᠥᠯᠥᠰᠥᠨ ᠠᠵᠢᠯᠴᠢᠳ ᠵᠡᠷᠭᠡ ᠭᠤᠣᠯᠳᠠᠯᠭ᠎ᠠ ᠲᠠᠢ‌‍ᠬᠦ᠋ᠮᠦᠰ ᠤᠨ ᠠᠵᠢᠯ ᠣᠯᠭᠤᠯᠲᠠ ᠶᠢ ᠠᠬᠢᠭᠤᠯᠬᠤ ᠪᠠ ᠦᠢᠯᠡᠴᠢᠯᠡᠬᠦ ᠶᠢ ᠴᠢᠩᠭᠠᠳᠬᠠᠨ᠎ᠠ᠃ ᠬᠥᠳᠡᠯᠮᠦᠷᠢ ᠬᠦᠴᠦᠨ᠂ ᠴᠢᠳᠠᠪᠤᠷᠢᠲᠠᠨ᠂ ᠡᠳᠦᠷ ᠤᠨ ᠬᠦᠴᠦ ᠶᠠᠪᠤᠭᠴᠢ‌ᠵᠡᠷᠭᠡ ︽ᠭᠤᠷᠪᠠᠨ ᠵᠠᠬ᠎ᠠ ᠳᠡᠯᠭᠡᠭᠦᠷ︾᠎ ᠤᠨ ᠦᠢᠯᠡᠳᠦᠯ ᠢ ᠪᠠᠳᠠᠷᠠᠭᠤᠯᠵᠤ᠂ ᠠᠵᠢᠯ ᠣᠯᠭᠤᠬᠤ ᠠᠷᠭ᠎ᠠ ᠵᠠᠮ ᠢ ᠥᠷᠭᠡᠳᠬᠡᠬᠦ ᠬᠡᠷᠡᠭᠲᠡᠢ᠃ ᠭᠤᠷᠪᠠ ᠳᠤ᠂ᠭᠤᠤᠯᠳᠠᠯᠭ᠎ᠠ ᠲᠠᠢ ᠠᠵᠢᠯ ᠢ ᠵᠠᠳᠠᠯᠤᠨ ᠨᠠᠷᠢᠯᠢᠬᠵᠢᠭᠤᠯᠤᠨ᠎ᠠ᠃ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ‌ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠢᠨᠠᠨ‌ᠵᠥ᠋ᠪᠰᠢᠶᠡᠷᠡᠯ ᠤᠨ ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠵᠠᠷᠤᠳᠠᠯ ᠢ ᠪᠠᠭᠠᠰᠬᠠᠬᠤ ᠵᠡᠷᠭᠡ ᠪᠣᠳᠠᠲᠠᠶ ᠠᠷᠭ᠎ᠠ‌‍ᠬᠡᠮᠵᠢᠶ᠎ᠡ ᠶᠢ ᠬᠡᠷᠡᠭᠵᠢᠭᠦᠯᠦᠨ᠎ᠡ᠃ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠬᠤ᠂ ᠰᠢᠯᠵᠢᠭᠦᠯᠦᠨ ᠥᠭᠬᠦ᠂ ᠣᠷᠣᠨ ᠨᠤᠲᠤᠭ ᠤᠨ ᠵᠠᠰᠠᠭ ᠤᠨ ᠣᠷᠳᠣᠨ ‍ᠤ‌‍ᠲ᠋ᠤᠰᠬᠠᠶ ᠵᠦᠢᠯ ᠤᠨ ᠥᠷᠢ ᠥᠭᠴᠡᠭᠡ ᠵᠡᠷᠭᠡ ᠶᠢᠨ ᠪᠡᠯᠡ ᠮᠥᠩᠭᠦ ᠶᠢ ᠲᠦᠷᠭᠡᠪᠴᠢᠯᠡᠨ ᠪᠠᠭᠤᠯᠭᠠᠬᠤ ᠪᠠ ᠰᠠᠶᠢᠲᠤᠷ ᠬᠡᠷᠡᠭᠯᠡᠵᠦ᠂ ᠠᠯᠪᠠᠨ ᠵᠢᠷᠤᠮ ᠤᠨ ᠰᠤᠷᠭᠠᠨ‌‍ᠬᠥ᠋ᠮᠦᠵᠢᠯ᠂ ᠦᠨᠳᠦᠰᠦᠨ ᠡᠮᠴᠢᠯᠡᠭᠡ ᠵᠡᠷᠭᠡ ᠬᠦᠷᠢᠶᠡᠨ ᠳᠠᠬᠢ ᠳᠤᠲᠠᠭᠤᠳᠠᠯ ᠢ ᠨᠥᠬᠦᠪᠦᠷᠢᠯᠡᠬᠦ ᠳᠡᠮᠵᠢᠯᠭᠡ ᠪᠠᠨ ᠴᠢᠩᠭᠠᠳᠬᠠᠨ᠎ᠠ᠃ ᠰᠢᠶᠠᠨ ᠰᠢᠶᠠᠩ ᠤᠨ ᠦᠨᠳᠦᠰᠦᠨ‌‍ᠱᠠᠲᠤᠨ ᠤ ᠪᠠᠭᠰᠢ ᠶᠢ ᠪᠣᠯᠪᠠᠰᠤᠷᠠᠭᠤᠯᠬᠤ ᠪᠠ ᠠᠵᠢᠯ ᠤᠨ ᠪᠠᠶᠢᠷᠢ ᠳᠡᠭᠡᠷ᠎ᠡ ᠪᠠᠨ ᠰᠤᠷᠤᠯᠭ᠎ᠠ ᠶᠢᠨ ᠨᠠᠮᠲᠠᠷ ᠢᠶᠠᠨ ᠳᠡᠭᠡᠭᠰᠢᠯᠡᠭᠦᠯᠬᠦ ᠶᠢ ᠳᠡᠮᠵᠢᠬᠦ ᠲᠦᠷᠦ ᠶᠢᠨ ᠪᠣᠳᠣᠯᠭ᠎ᠠ ᠵᠢ‌ᠨᠡᠶᠢᠲᠡᠯᠡᠨ ᠬᠡᠷᠡᠭᠵᠢᠭᠦᠯᠦᠨ᠎ᠡ᠃ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ᠂ ᠡᠭᠦᠳᠡᠨ ᠡᠮᠨᠡᠯᠭᠡ ᠶᠢᠨ ᠡᠮᠴᠢᠯᠡᠭᠡ ᠵᠢᠨ‌‍ᠲ᠋ᠠᠭᠠᠳᠬᠠᠯ ᠤᠨ ᠲᠠᠩᠰᠠ ᠲᠠᠶᠢᠯᠬᠤ ᠪᠠ ᠪᠠᠶᠢᠩᠭᠤ ᠲᠣᠬᠢᠶᠠᠯᠳᠤᠳᠠᠭ ᠡᠪᠡᠳᠴᠢᠨ ᠤ ᠡᠮ ᠤᠨ ᠵᠦᠢᠯ ᠤᠨ ᠲᠠᠩᠰᠠ ᠲᠠᠶᠢᠯᠬᠤ ᠬᠡᠪᠴᠢᠶ᠎ᠡ ᠶᠢ ᠥᠷᠭᠡᠳᠬᠡᠬᠦ ᠵᠡᠷᠭᠡ ᠠᠷᠭ᠎ᠠ‌‍ᠬᠡᠮᠵᠢᠶ᠎ᠡ ᠶᠢ ᠱᠠᠯᠠᠪᠳᠠᠨ ᠨᠡᠶᠢᠲᠡᠯᠡᠨ᠎ᠡ᠃ ᠭᠠᠶᠢᠯᠢ ᠰᠦᠢᠳᠬᠡᠯ ᠢ ᠬᠠᠰᠤᠵᠤ ᠬᠥᠩᠭᠡᠯᠡᠬᠦ ᠵᠡᠷᠭᠡ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠨᠡᠶᠢᠭᠡᠮ ‍ᠤᠨ‌‍ᠬᠦ᠋ᠴᠦᠨ ᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠠᠮᠢᠳᠤᠷᠠᠯ ᠤᠨ ᠦᠢᠯᠡᠴᠢᠯᠡᠭᠡᠨ ᠤ ᠦᠢᠯᠡᠰ ᠵᠡᠷᠭᠡ ᠶᠢ ᠬᠥᠭᠵᠢᠭᠦᠯᠬᠦ ᠵᠢ‌‍ᠲ᠋ᠡᠮᠵᠢᠨ᠎ᠡ᠃ ᠲᠦᠷᠪᠡ ᠳᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠶᠢᠨ ᠰᠢᠮᠳᠠᠭᠤᠯᠤᠨ ᠪᠠᠶᠢᠴᠠᠭᠠᠯᠲᠠ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ‌‍ᠰᠠᠯᠠᠭ᠎ᠠ ᠮᠥᠴᠢᠷ ᠤᠨ ᠬᠢᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠤᠨ ᠱᠠᠭᠠᠷᠳᠠᠯᠭ᠎ᠠ ᠲᠠᠢ ᠬᠠᠷᠢᠴᠠᠭᠤᠯᠵᠤ᠂ ᠲᠤᠰ ᠭᠠᠵᠠᠷ ᠣᠷᠣᠨ ᠲᠤᠰ ᠰᠠᠯᠠᠭ᠎ᠠ‌ᠮᠥ᠋ᠴᠢᠷ ᠤᠨ ᠢᠶᠠᠨ ᠬᠡᠷᠡᠭᠵᠢᠭᠦᠯᠬᠦ ᠲᠥᠰᠦᠯ ᠢ ᠲᠥᠷᠭᠡᠳᠬᠡᠨ ᠲᠣᠭᠲᠠᠭᠠᠵᠤ᠂ ᠡᠯ᠎ᠡ ᠵᠦᠢᠯ ᠤᠨ ᠠᠵᠢᠯ ᠢᠶᠠᠨ ᠤᠷᠢᠳᠴᠢᠯᠠᠨ ᠬᠢᠬᠦ ᠬᠡᠷᠡᠭᠲᠡᠶ᠃ ᠬᠦᠷᠢᠶ᠎ᠡ ᠴᠠᠷᠠᠭ᠎ᠠ‌ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ ᠭᠠᠵᠠᠷ ᠣᠷᠣᠨ ᠠᠯᠤᠰᠯᠠᠭᠰᠠᠨ ᠵᠦᠢᠯᠡᠰ ᠲᠤ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠬᠤ ᠬᠡᠷᠡᠭᠲᠡᠶ᠃ ᠠᠵᠤ‌ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠵᠤ᠂ ︽14 · 5︾᠎ ᠤᠨ ᠲᠥᠯᠥᠪᠵᠢᠭᠦᠯᠭᠡ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ‌‍ᠪᠠᠲᠤᠯᠠᠬᠤ ᠬᠡᠷᠡᠭᠲᠡᠢ᠃ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号