ᠬᠠᠶᠢᠷᠤᠪ ᠤᠨ ᠲᠤᠬᠤᠢ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠤᠨ ᠬᠤᠶᠠᠳᠤᠭᠠᠷ ᠤᠳᠠᠭ᠎ᠠ ᠶᠢᠨ ᠪᠦᠬᠦ ᠭᠡᠰᠢᠭᠦᠳ ᠤᠨ  ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/19
     3 ᠰᠠᠷ᠎ᠠ ᠶᠢᠨ 15᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠬᠤᠶᠠᠳᠤᠭᠠᠷ ᠤᠳᠠᠭ᠎ᠠ ᠶᠢᠨ ᠪᠦᠬᠦ ᠭᠡᠰᠢᠭᠦᠳ ᠤᠨ ᠬᠤᠷᠠᠯ ᠬᠤᠷᠠᠯᠳᠤᠪᠠ᠃
      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠶᠢᠴᠢᠯᠠᠯᠳᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ 3 ᠰᠠᠷ᠎ᠠ ᠶᠢᠨ 12᠎ ᠤᠨ ᠡᠳᠦᠷ ᠤᠨ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠳ ᠤᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠃ ︽ᠪᠥᠬᠦ ᠲᠤᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠳᠡᠭᠡᠷ᠎ᠡ ᠬᠡᠯᠡᠭᠰᠡᠨ ᠦᠭᠡ ︵ᠰᠠᠨᠠᠯ ᠬᠤᠷᠢᠶᠠᠬᠤ ᠨᠣᠤᠷᠠᠭ︶︾᠂ ︽ᠬᠠᠶᠢᠷᠤᠪ ᠤᠨ ᠲᠣᠬᠤᠶ ᠶᠢᠨ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠬᠡᠷᠡᠭᠵᠢᠭᠦᠯᠬᠦ ᠲᠥᠰᠦᠯ ︵ᠰᠠᠨᠠᠯ ᠬᠤᠷᠢᠶᠠᠬᠤ ᠨᠣᠤᠷᠠᠭ︶︾᠎ ᠢ ᠬᠢᠨᠠᠨ ᠵᠥᠪᠯᠡᠪᠡ᠃ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ ᠬᠥᠮᠦᠵᠢᠯ ᠴᠡᠭᠴᠡᠯᠡᠯᠲᠡ ᠶᠢᠨ ᠠᠵᠢᠯ ᠢ ᠥᠷᠨᠢᠭᠦᠯᠦᠭᠰᠡᠨ ᠪᠠᠶᠢᠳᠠᠯ ᠪᠠ ᠲᠥᠪ ᠬᠤᠷᠢᠶᠠᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠤᠡᠪᠤᠷᠢᠯᠡᠭᠰᠡᠨ ᠬᠠᠤᠯᠢ ᠴᠠᠭᠠᠵᠠ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠬᠡᠷᠡᠭ ᠢ ᠰᠢᠢᠤᠡᠪᠤᠷᠢᠯᠡᠭᠰᠡᠨ ᠪᠠᠶᠢᠳᠠᠯ ᠢ ᠰᠣᠨᠣᠰᠪᠠ᠃      ᠬᠤᠷᠠᠯ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠨᠢᠭᠡᠨᠲᠡ ᠪᠦᠬᠦ ᠲᠠᠯ᠎ᠠ ᠪᠠᠷ ᠥᠷᠨᠢᠵᠦ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠬᠢᠨ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠬᠤ ᠬᠡᠷᠡᠭᠲᠡᠢ᠃ ᠬᠠᠶᠢᠷᠤᠪ ᠤᠨ  ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠪᠦᠬᠦ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠠᠮᠢᠶ᠎ᠠ ᠪᠦᠬᠦᠢ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠤᠡᠪᠤᠷᠢᠯᠡᠵᠤ᠂ ᠠᠵᠢᠯ ᠳᠤ ᠲᠤᠯᠭᠠᠷᠠᠭᠰᠠᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠤᠡᠪᠤᠷᠢᠯᠡᠵᠤ᠂ ᠠᠵᠢᠯ ᠤᠨ ᠳᠤᠮᠳᠠᠬᠢ ᠨᠡᠶᠢᠲᠡᠯᠢᠭ ᠲᠤᠷᠰᠢᠯᠭ᠎ᠠ᠂ ᠤᠨᠴᠠᠯᠢᠬᠳᠤ ᠠᠷᠭ᠎ᠠ ᠬᠢᠳᠡᠯ ᠢ ᠳ᠋ᠦᠩᠨᠡᠨ ᠳᠡᠯᠭᠡᠷᠡᠭᠦᠯᠵᠦ᠂ ᠬᠢᠨᠠᠨ ᠵᠢᠯᠣᠭᠤᠳᠴᠤ ᠬᠢᠨᠠᠨ ᠪᠠᠶᠢᠴᠠᠭᠠᠬᠤ ᠠᠵᠢᠯ ᠢ ᠴᠠᠭ ᠲᠤᠨᠢ ᠲᠣᠬᠢᠷᠠᠭᠤᠯᠤᠨ ᠥᠷᠨᠢᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠵᠦᠢᠯ ᠤᠨ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠬᠢᠨᠠᠨ ᠰᠢᠯᠭᠠᠵᠤ ᠦᠨᠡᠯᠡᠬᠦ ᠠᠷᠭ᠎ᠠ ᠪᠠᠷᠢᠯ ᠢ ᠭᠦᠢᠴᠡᠳ ᠰᠠᠶᠢᠲᠤᠷ ᠬᠡᠷᠡᠭᠯᠡᠵᠦ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠤᠳᠤᠷᠢᠳᠬᠤ ᠪᠠᠭ᠂ ᠤᠳᠤᠷᠢᠳᠬᠤ ᠺᠠᠳ᠋ᠷᠴᠤᠳ ᠤᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠰᠤᠷᠭᠠᠨ ᠬᠥᠮᠦᠵᠢᠭᠦᠯᠵᠦ ᠴᠡᠭᠴᠡᠯᠡᠬᠦ ᠠᠵᠢᠯ ᠳᠡᠭᠡᠷ᠎ᠡ ᠲᠥᠪᠯᠡᠷᠡᠭᠦᠯᠬᠦ ᠶᠢ ᠬᠦᠳᠦᠯᠦᠨ ᠵᠢᠯᠣᠭᠤᠳᠴᠤ᠂ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠠᠬᠢᠬᠤ ᠶᠢ ᠪᠦᠬᠦ ᠬᠦᠴᠦᠨ ᠢᠶᠠᠷ ᠠᠬᠢᠭᠤᠯᠵᠤ᠂ ᠵᠢᠱᠢᠭᠰᠡᠨ ᠬᠠᠷᠠᠯᠲᠠ ᠪᠠᠨ ᠲᠡᠭᠦᠰ ᠠᠮᠵᠢᠯᠲᠠ ᠲᠠᠢ  ᠪᠡᠶᠡᠯᠡᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃      ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠨᠵᠡᠭᠡᠢ ᠲᠠᠨᠢᠬᠤ ᠬᠡᠷᠡᠭᠲᠡᠢ᠃ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠥᠨᠳᠥᠷ ᠪᠠᠷᠢᠮᠵᠢᠶ᠎ᠠ ᠪᠠᠷ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠥᠮᠦᠵᠢᠯ ᠴᠡᠭᠴᠡᠯᠡᠯᠲᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号