ᠬᠠᠶᠢᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠲᠤᠰᠬᠠᠢ ᠰᠡᠳᠦᠪᠲᠦ ᠨᠠᠮ ᠤᠨ ᠬᠢᠴᠢᠶᠡᠯ ᠬᠤᠷᠠᠯᠳᠤᠪᠠ
ᠨᠡᠶᠢᠲᠡᠯᠡᠭᠰᠡᠨ ᠴᠠᠭ᠄
2021/3/19
     3 ᠰᠠᠷ᠎ᠠ ᠶᠢᠨ 15᠎ ᠤ ᠡᠳᠦᠷ᠂ ᠬᠠᠶᠢᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠲᠤᠰᠬᠠᠢ ᠰᠡᠳᠦᠪᠲᠦ ᠨᠠᠮ ᠤᠨ ᠬᠢᠴᠢᠶᠡᠯ ᠬᠤᠷᠠᠯᠳᠤᠪᠠ᠃ ᠨᠠᠮ ᠤᠨ ᠬᠢᠴᠢᠶᠡᠯ ᠳᠤ ᠰᠢ ᠶᠢᠨ ᠫᠢᠩ ᠶᠡᠷᠦᠩᠬᠡᠶ ᠱᠦᠵᠢ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠪᠠ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢᠨ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠤᠣᠯᠳᠠᠯᠭ᠎ᠠ ᠲᠠᠢ ᠲᠠᠶᠢᠯᠪᠤᠷᠢᠯᠠᠭᠰᠠᠨ ᠪᠥᠭᠡᠳ ᠬᠠᠶᠢᠷᠤᠪ ᠤᠨ ᠲᠤᠬᠤᠢ ᠲᠣᠭᠤᠷᠢᠭ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠪᠠ ᠴᠢᠷᠮᠠᠶᠢᠬᠤ ᠴᠢᠭᠯᠡᠯ ᠢ ᠵᠢᠭᠠᠵᠤ ᠭᠠᠷᠭᠠᠵᠠᠶ᠃      ᠲᠤᠰᠬᠠᠢ ᠰᠡᠳᠦᠪᠲᠦ ᠨᠠᠮ ᠤᠨ ᠬᠢᠴᠢᠶᠡᠯ ᠳᠡᠭᠡᠷ᠎ᠡ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ  ᠬᠤᠷᠢᠶ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠶᠡᠷᠦᠩᠬᠡᠢ ᠱᠦᠵᠢ ᠰᠢ ᠶᠢᠨ ᠫᠢᠩ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠪᠣᠯᠤᠨ ᠰᠤᠷᠭᠠᠯ ᠦᠭᠡ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠪᠣᠯ ᠤᠯᠤᠰ ᠲᠦᠷᠦ ᠶᠢᠨ ᠲᠠᠯ᠎ᠠ ᠪᠠᠷ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠪᠠᠶᠢᠭᠤᠯᠬᠤ᠂ ᠦᠨᠡᠨᠴᠢ ᠰᠢᠳᠤᠷᠭᠤ ᠠᠷᠢᠭᠤᠨ ᠴᠡᠪᠡᠷ ᠨᠠᠶᠢᠳᠠᠪᠤᠷᠢᠲᠠᠢ ᠪᠠᠶᠢᠬᠤ ᠶᠢ ᠦᠨᠡᠨ ᠬᠦ ᠪᠠᠲᠤᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠭᠡᠳᠡᠭ ᠢ ᠭᠦᠢᠴᠡᠳ ᠲᠠᠨᠢᠬᠤ ᠬᠡᠷᠡᠭᠲᠡᠢ᠃ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠰᠢ ᠶᠢᠨ ᠫᠢᠩ ᠶᠡᠷᠦᠩᠬᠡᠢ ᠱᠦᠵᠢ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠨᠢᠭᠡᠨ ᠰᠠᠯᠠᠭ᠎ᠠ ᠲᠦᠢᠯ ᠤᠨ ᠦᠨᠡᠨᠴᠢ ᠰᠢᠳᠤᠷᠭᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠨᠠᠮ ᠪᠣᠯᠤᠨ ᠠᠷᠠᠳ ᠲᠦᠮᠡᠨ ᠠᠴᠠ ᠳᠠᠭᠠᠭᠠᠯᠭᠠᠭᠰᠠᠨ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠦᠨᠡᠨᠬᠦ ᠰᠠᠶᠢᠲᠤᠷ ᠭᠦᠢᠴᠡᠳᠬᠡᠬᠦ ᠬᠡᠷᠡᠭᠲᠡᠢ᠃      ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠢᠨ ᠲᠤᠰ ᠤᠳᠠᠭ᠎ᠠ ᠶᠢᠨ ᠬᠥᠮᠦᠵᠢᠯ ᠴᠡᠭᠴᠡᠯᠡᠯᠲᠡ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠠᠲᠤᠯᠠᠬᠤ ᠬᠡᠷᠡᠭᠲᠡᠢ᠃ ᠠᠷᠠᠳ ᠤᠯᠠᠨ ᠤ ᠲᠤᠰᠬᠠᠯ ᠶᠡᠬᠡᠲᠡᠶ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠲᠡᠮᠡᠴᠡᠯ ᠤᠨ ᠵᠣᠷᠢᠭ ᠢ ᠤᠯᠠᠮ ᠨᠢᠭᠡ ᠠᠯᠬᠤᠮ ᠬᠥᠭᠵᠢᠭᠡᠵᠦ᠂ ᠬᠦᠴᠦᠨ ᠴᠢᠳᠠᠯ ᠢ ᠨᠢᠭᠲᠠᠷᠠᠭᠤᠯᠤᠨ᠂ ᠶᠡᠭᠡ ᠲᠠᠯ᠎ᠠ ᠳᠤ ᠦᠢᠯᠡᠴᠢᠯᠡᠬᠦ᠂ ᠠᠷᠠᠳ ᠤᠨ ᠲᠥᠯᠥᠭᠡ ᠬᠠᠤᠯᠢ ᠪᠠᠷᠢᠬᠤ᠂ ᠲᠥᠪ ᠭᠤᠣᠯᠴᠢ ᠪᠠᠷ ᠬᠠᠤᠯᠢ ᠪᠠᠷᠢᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃      ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠢᠨ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号