ᠪᠦᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠲᠤᠰᠬᠠᠢ ᠰᠡᠳᠦᠪᠲᠦ ᠨᠠᠮ ᠤᠨ ᠬᠢᠴᠢᠶᠡᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/19
     3 ᠰᠠᠷ᠎ᠠ ᠶᠢᠨ 18᠎ ᠤ ᠡᠳᠦᠷ᠂ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠲᠤᠰᠬᠠᠶ ᠰᠡᠳᠦᠪᠲᠦ ᠨᠠᠮ ᠤᠨ ᠬᠢᠴᠢᠶᠡᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠵᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠲᠤᠰᠬᠠᠶ ᠰᠡᠳᠦᠪᠲᠦ ᠨᠠᠮ ᠤᠨ ᠬᠢᠴᠢᠶᠡᠯ ᠤᠨ ᠮᠡᠳᠡᠭᠦᠯᠦᠯᠲᠡ ᠬᠢᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠡᠷᠬᠢᠯᠡᠭᠴᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠹᠧᠩ ᠰᠢᠤᠸᠠᠢ ᠲᠤᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠷᠪᠠᠨ ᠨᠢᠭᠡᠳᠦᠭᠡᠷ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠡᠭᠦᠯᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠦᠸᠧ ᠵᠢᠶᠦ᠋ᠨ ᠶᠤᠸᠠᠨ ᠬᠤᠷᠠᠯ ᠳᠤ ᠣᠷᠣᠯᠴᠠᠵᠠᠶ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠰᠦ᠋ ᠵᠥᠩ ᠱᠧᠩ ᠬᠤᠷᠠᠯ ᠡᠷᠭᠢᠯᠡᠪᠡ᠃      ᠱᠢ ᠸᠠᠨ ᠵᠢᠶᠦ᠋ᠨ ᠵᠢᠭᠠᠵᠤ ᠭᠠᠷᠭᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠨᠢᠭᠡᠴᠡ ᠪᠣᠯᠤᠨ ᠥᠷᠭᠡᠨ ᠣᠯᠠᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠶ ᠱᠦᠵᠢ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠪᠠ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠨᠠᠶᠢᠳᠠᠪᠤᠷᠢᠵᠢᠭᠤᠯᠵᠤ᠂ ᠮᠠᠨ ᠤ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃ ᠱᠢ ᠸᠠᠨ ᠵᠢᠶᠦ᠋ᠨ ᠴᠢᠬᠤᠯᠠᠴᠢᠯᠠᠭᠰᠠᠨ ᠨᠢ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ᠂ ᠤᠯᠤᠰ ᠤᠨ ᠥᠨᠢ ᠤᠳᠠᠭᠠᠨ ᠤ ᠠᠮᠤᠷ ᠲᠦᠪᠰᠢᠨ ᠢ ᠨᠡᠩ ᠰᠠᠶᠢᠲᠤᠷ ᠪᠠᠲᠤᠯᠠᠬᠤ᠂ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠬᠦ ᠦᠨᠳᠦᠷᠴᠡ ᠠᠴᠠ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠶᠢᠨ ᠤᠯᠤᠰ ᠲᠦᠷᠦ ᠶᠢᠨ ᠠᠴᠢ ᠬᠤᠯᠪᠣᠭᠳᠠᠯ᠂ ᠲᠡᠦᠬᠡᠲᠦ ᠠᠴᠢ ᠬᠤᠯᠪᠣᠭᠳᠠᠯ ᠪᠣᠯᠤᠨ ᠠᠬᠤᠶᠢᠴᠢ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠠᠵᠢᠯᠯᠠᠭᠠᠨ ᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠡᠨᠡᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠢ ᠡᠷᠡᠰ ᠬᠦᠴᠦᠲᠡᠢ ᠰᠠᠶᠢᠲᠤᠷ ᠪᠡᠶᠡᠯᠡᠭᠦᠯᠬᠦ ᠬᠡᠷᠡᠭᠲᠡᠢ᠃ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠲᠤᠬᠠᠶ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠨᠢᠭᠡᠳᠬᠡᠨ᠂ ᠶᠡᠷᠦᠩᠬᠡᠶ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ︽ᠳᠥᠷᠪᠡᠨ ᠶᠡᠭᠡ ᠡᠭᠦᠷᠭᠡ︾᠎ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠭᠤᠷᠪᠠᠨ ᠭᠤᠭᠴᠤᠭ᠎ᠠ︾᠎ ᠶᠢ ᠴᠢᠩᠭ᠎ᠠ ᠠᠳᠬᠤᠨ ᠪᠣᠳᠠᠲᠠᠶ ᠠᠳᠬᠤᠵᠤ᠂ ᠲᠥᠷᠥ ᠶᠢᠨ ᠪᠣᠳᠣᠯᠭ᠎ᠠ ᠠᠷᠭ᠎ᠠ ᠪᠣᠳᠣᠯᠭ᠎ᠠ ᠶᠢ ᠣᠨᠣᠪᠴᠢᠲᠠᠶ ᠬᠡᠷᠡᠭᠯᠡᠨ᠂ ᠡᠯ᠎ᠡ ᠭᠤᠭᠴᠤᠭᠠᠨ ᠤ ᠡᠭᠦᠷᠭᠡ ᠠᠷᠭ᠎ᠠ ᠬᠡᠮᠵᠢᠶᠡᠨ ᠤ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠬᠥᠮᠦᠵᠢᠯ ᠴᠡᠭᠴᠡᠯᠡᠯᠲᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ᠮᠠᠨ ᠤ ᠬᠤᠲᠠ ᠶᠢᠨ ᠤᠯᠤᠰ ᠲᠥᠷᠥ ᠶᠢᠨ ᠬᠠᠤᠯᠢ ᠴᠠᠭᠠᠵᠠ ᠶᠢᠨ ᠡᠩᠨᠡᠭᠡᠨ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠳᠤ ᠨᠠᠷᠢᠯᠢᠭ ᠣᠨᠣᠴᠠᠲᠠᠶ ᠪᠠᠷ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠩᠭ᠎ᠠ ᠬᠢᠨᠠᠨ ᠬᠠᠮᠢᠶᠠᠷᠴᠤ᠂ ᠨᠠᠮᠴᠢ ᠴᠢᠨᠠᠷ ᠤᠨ ᠪᠣᠯᠪᠠᠰᠤᠷᠠᠯ ᠢ ᠴᠢᠩᠭᠠᠳᠬᠠᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠡᠷᠡᠰ ᠵᠣᠷᠢᠭ ᠪᠠ ᠰᠥᠰᠥ ᠵᠣᠷᠢᠭ ᠢᠶᠠᠷ ᠬᠠᠭᠤᠴᠢᠨ ᠠᠷᠬᠠᠭ ᠭᠡᠮ ᠢᠶᠠᠨ ᠠᠷᠢᠯᠭᠠᠵᠤ᠂ ᠤᠯᠤᠰ ᠲᠦᠷᠦ ᠶᠢᠨ ᠲᠠᠯ᠎ᠠ ᠪᠠᠷ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠢᠩᠭ᠎ᠠ᠂ ᠬᠠᠷᠢᠭᠤᠴᠠᠯᠭ᠎ᠠ ᠶᠢᠨ ᠲᠠᠯ᠎ᠠ ᠪᠠᠷ ᠴᠢᠩᠭ᠎ᠠ᠂ ᠰᠠᠬᠢᠯᠭ᠎ᠠ ᠪᠠᠲᠤ ᠶᠢᠨ ᠲᠠᠯ᠎ᠠ ᠪᠠᠷ ᠴᠢᠩᠭ᠎ᠠ᠂ ᠣᠪᠣᠷ ᠰᠤᠷᠲᠠᠯ ᠤᠨ ᠲᠠᠯ᠎ᠠ ᠪᠠᠷ ᠴᠢᠩᠭ᠎ᠠ᠂ ᠨᠠᠮ ᠤᠨ ᠲᠥᠪ ᠬᠤᠷᠢᠶ᠎ᠠ ᠶᠢ ᠰᠠᠨᠠᠭ᠎ᠠ ᠠᠮᠤᠷ᠂ ᠠᠷᠠᠳ ᠤᠯᠠᠨ ᠢ ᠰᠡᠳᠬᠢᠯ ᠬᠠᠨᠤᠮᠵᠢᠲᠠᠢ ᠪᠣᠯᠭᠠᠭᠰᠠᠨ ᠥᠨᠳᠥᠷ ᠬᠡᠪ ᠪᠣᠯᠪᠠᠰᠤᠷᠠᠯ ᠲᠠᠢ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠡᠢ᠃ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠳᠠᠷᠤᠭ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠷᠪᠠᠨ ᠨᠢᠭᠡᠳᠦᠭᠡᠷ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠠᠶ᠃ ᠬᠤᠲᠠ᠂ ᠲᠣᠭᠤᠷᠢᠭ ᠤᠨ ᠬᠤᠶᠠᠷ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠵᠢᠴᠢ ᠠᠯᠪᠠᠨ ᠬᠡᠷ ᠤᠨ ᠬᠠᠷᠢᠭᠤᠴᠠᠯᠭᠠᠲᠠᠨ ᠨᠥᠬᠦᠳ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠠᠶ᠃ ᠁
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号