ᠬᠠᠶᠢᠷᠤᠪ ᠤᠨ ᠲᠤᠬᠤᠢ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠎ ᠶᠢᠨ ᠬᠤᠷᠢᠶᠠᠨ ᠤ 217 ᠳ᠋ᠤᠭᠠᠷ ( ᠥᠷᠭᠡᠳᠬᠡᠭᠰᠡᠨ ) ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/2
     ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠨᠠᠶᠮᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠎ ᠤ ᠪᠠᠶᠢᠩᠭᠤ ᠶᠢᠨ ᠬᠤᠷᠢᠶᠠᠨ ᠤ 217 ᠳ᠋ᠤᠭᠠᠷ ( ᠥᠷᠭᠡᠳᠬᠡᠭᠰᠡᠨ ) ᠬᠤᠷᠠᠯ ᠬᠤᠷᠠᠯᠳᠤᠪᠠ      ᠬᠤᠷᠠᠯ ᠠᠴᠠ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠪᠠ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠦᠬᠦᠳᠠ ᠬᠤᠷᠠᠯ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠪᠠᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠠ ᠬᠤᠷᠠᠯ᠂ ᠱᠢ ᠲᠠᠢ ᠹᠧᠩ ᠨᠥᠬᠦᠷ ᠤᠨ ᠪᠦᠬᠦ ᠣᠷᠣᠨ ᠤ ᠠᠶᠢᠮᠠᠭ ᠬᠤᠳᠠ᠂ ᠬᠤᠰᠢᠭᠤ ᠰᠢᠶᠠᠨ ( ᠬᠤᠳᠠ᠂ ᠲᠣᠭᠤᠷᠢᠭ )᠂ ᠰᠤᠮᠤ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠤᠨ ᠲᠧᠯᠸᠢᠰ ᠤᠲᠠᠰᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ ᠦᠬᠠᠢ ᠬᠤᠳᠠ ᠲᠣᠭᠤᠷᠢᠭ᠂ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠪᠠ᠃ ᠬᠠᠶᠢᠷᠤᠪ ᠤᠨ ᠲᠤᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃《 ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠵᠦ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠦᠨ ᠰᠢᠨ᠎ᠡ ᠴᠠᠭ ᠦᠶ᠎ᠡ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ( ᠬᠢᠨᠠᠭᠤᠯᠬᠤ ᠨᠤᠤᠷᠠᠭ ) 》᠎ ᠶᠢ ᠰᠤᠳᠤᠯᠤᠨ ᠬᠢᠨᠠᠨ ᠵᠥᠪᠯᠡᠵᠦ᠂ ᠬᠠᠶᠢᠷᠤᠪ ᠤᠨ ᠲᠤᠬᠤᠢ ᠲᠣᠭᠤᠷᠢᠭ ᠎ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠪᠣᠳᠠᠲᠠᠢ ᠠᠳᠬᠤᠨ ᠰᠠᠶᠢᠲᠤᠷ ᠠᠳᠬᠤᠵᠤ᠂ ᠤᠬᠠᠮᠰᠠᠷ ᠠᠴᠠ ᠪᠠᠨ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠪᠦᠬᠦ ᠲᠤᠭᠤᠷᠢᠭ ᠤᠨ ᠠᠵᠢᠯ ᠤᠨ ᠲᠤᠪᠤᠶᠢᠮ᠎ᠠ ᠪᠠᠶᠢᠷᠢᠨ ᠳᠤ ᠲᠠᠯᠪᠢᠵᠤ᠂ ᠮᠠᠨ ᠤ ᠲᠤᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠳᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠎ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠲᠦᠷᠦᠭᠦᠯᠡᠨ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠪᠠᠳᠠᠷᠠᠭᠤᠯᠵᠤ᠂ ᠬᠢᠨᠠᠯᠲᠠ ᠳᠤ ᠵᠥᠪ ᠬᠠᠨᠳᠤᠵᠤ᠂ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠯᠲᠠ ᠲᠠᠯᠪᠢᠬᠤ ᠪᠠ ᠬᠢᠵᠠᠭᠠᠷᠯᠠᠬᠤ ᠣᠷᠴᠢᠨ ᠨᠥᠬᠦᠴᠡᠯ ᠤᠨ ᠳᠣᠣᠷ᠎ᠠ ᠠᠵᠢᠯᠯᠠᠵᠤ ᠠᠮᠢᠳᠤᠷᠠᠬᠤ ᠳᠤ ᠳᠠᠳᠬᠤ ᠬᠡᠷᠡᠭᠲᠡᠢ᠃ ᠡᠨᠡ ᠤᠳᠠᠭ᠎ᠠ ᠶᠢᠨ ᠬᠤᠭᠤᠴᠠᠭ᠎ᠠ ᠰᠣᠯᠢᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠠᠶᠢᠷᠤᠪ ᠤᠨ ᠲᠤᠬᠤᠢ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠥᠰᠦᠯ ᠤᠨ ᠴᠤᠪᠤᠷᠠᠯ ᠢ ᠲᠡᠭᠦᠯᠳᠡᠷᠵᠢᠭᠦᠯᠵᠦ᠂ ᠬᠠᠤᠯᠢ ᠲᠣᠭᠲᠠᠭᠠᠯ ᠶᠣᠰᠣᠭᠠᠷ᠂ ᠴᠠᠭ ᠤᠨ ᠳᠠᠷᠠᠭᠠᠯᠠᠯ ᠶᠣᠰᠣᠭᠠᠷ ᠬᠤᠭᠤᠴᠠᠭ᠎ᠠ ᠰᠣᠯᠢᠬᠤ ᠠᠵᠢᠯ ᠢ ᠠᠬᠢᠭᠤᠯᠬᠤ ᠬᠡᠷᠡᠭᠲᠡᠢ᠃ ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠭᠤᠷᠪᠠᠨ ᠱᠠᠲᠤᠨ ᠤ ᠵᠣᠬᠢᠶᠠᠨ ᠪᠠᠶᠢᠭᠤᠯᠬᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠢ᠃ ᠡᠯ᠎ᠡ ᠵᠦᠶᠯ ᠤᠨ ᠭᠤᠤᠯᠳᠠᠯᠭ᠎ᠠ ᠲᠠᠢ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠳᠤ ᠪᠡᠯᠡᠭ ᠬᠦᠷᠭᠡᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号