ᠬᠠᠶᠢᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/22
   3 ᠰᠠᠷ᠎ᠠ ᠶᠢᠨ 19 ᠎ ᠤ ᠡᠳᠦᠷ᠂ ᠬᠠᠶᠢᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠯᠢ ᠮᠢᠩ ᠪᠥᠬᠦ ᠲᠤᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠢ ᠴᠡᠭᠴᠡᠯᠡᠬᠦ ᠶᠡᠷᠦᠩᠬᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠪᠠᠶᠢᠳᠠᠯ ᠢ ᠨᠡᠶᠢᠲᠡᠯᠡᠵᠦ᠂  ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠤᠭᠤᠷᠢᠭ ᠤᠨ ᠰᠢᠭᠦᠬᠦ ᠬᠤᠷᠢᠶ᠎ᠠ᠂ ᠲᠤᠭᠤᠷᠢᠭ ᠤᠨ ᠪᠠᠶᠢᠴᠠᠭᠠᠬᠤ ᠬᠤᠷᠢᠶᠠᠨ ᠤ ᠭᠤᠤᠯ ᠬᠠᠷᠢᠭᠤᠴᠠᠯᠭᠠᠲᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃
     ᠨᠠᠮ ᠤᠨ ᠲᠥᠪ ᠬᠤᠷᠢᠶ᠎ᠠ ᠪᠣᠯᠤᠨ ᠦᠪᠡᠷᠡᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠦᠬᠠᠢ ᠬᠤᠳᠠ ᠶᠢᠨ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠬᠠᠶᠢᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢ ᠲᠤᠬᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠪᠣᠯᠤᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠪᠦᠬᠦ ᠭᠡᠰᠢᠭᠦᠳ ᠣᠷᠣᠨ ᠲᠤᠭ᠎ᠠ ᠲᠠᠢ ᠠᠵᠢᠯ ᠳᠤ ᠪᠠᠶᠢᠭ᠎ᠠ ᠺᠠᠳ᠋ᠷ ᠴᠠᠭᠳᠠᠭ᠎ᠠ᠂ ᠪᠠᠯᠭᠠᠰᠤ ( ᠵᠡᠭᠡᠯᠢ ᠭᠤᠳᠤᠮᠵᠢ )᠎ ᠶᠢᠨ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ ᠤ ᠳᠤᠮᠳᠠ ᠥᠷᠨᠢᠭᠦᠯᠵᠦ᠂ 2021 ᠣᠨ ᠤ 2 ᠰᠠᠷ᠎ᠠ ᠶᠢᠨ ᠰᠡᠭᠦᠯᠴᠢ ᠠᠴᠠ ᠡᠬᠢᠯᠡᠵᠦ᠂ 6 ᠰᠠᠷ᠎ᠠ ᠶᠢᠨ ᠰᠡᠭᠦᠯᠴᠢ ᠪᠠᠷ ᠦᠨᠳᠦᠰᠦᠨ ᠳᠡᠭᠡᠨ ᠳᠠᠭᠤᠰᠴᠤ᠂ 4 ᠰᠠᠷ᠎ᠠ ᠰᠢᠬᠠᠮ ᠤᠨ ᠬᠤᠭᠤᠴᠠᠭ᠎ᠠ ᠬᠡᠷᠡᠭᠰᠡᠪᠡ᠃      ᠰᠤᠷᠭᠠᠨ ᠬᠥᠮᠦᠵᠢᠭᠦᠯᠵᠦ ᠴᠡᠭᠴᠡᠯᠡᠬᠦ ᠳᠤᠮᠳᠠ᠂ ᠬᠠᠶᠢᠢᠷᠤᠪ ᠤᠨ ᠲᠤᠬᠤᠢ ᠲᠣᠭᠤᠷᠢᠭ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠎ᠠ᠂ ᠦᠬᠠᠶ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠨ᠎ᠠ᠂ 《 ᠲᠠᠪᠤᠨ ᠴᠢᠩᠭ᠎ᠠ 》ᠱᠠᠭᠠᠷᠳᠠᠯᠭ᠎ᠠ ᠶᠢᠨ ᠲᠣᠭᠤᠷᠢᠨ ᠳᠤ᠂《 ᠵᠠᠩᠭᠢᠯᠠᠭ᠎ᠠ ᠶᠢᠨ ᠴᠥᠭᠡᠨ ᠲᠣᠭᠠᠲᠠᠨ 》᠎ ᠢ ᠴᠢᠩᠭ᠎ᠠ ᠠᠳᠬᠤᠬᠤ ᠬᠡᠷᠡᠭᠲᠡᠢ᠂ ᠤᠯᠤᠰ ᠲᠥᠷᠥ ᠶᠢᠨ ᠦᠨᠡᠨᠴᠢ ᠰᠢᠳᠤᠷᠭᠤ ᠪᠠᠶᠢᠬᠤ ᠶᠢ ᠳᠣᠪᠤᠶᠢᠯᠭᠠᠨ᠎ᠠ᠂ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠳᠥᠷᠪᠡᠨ ᠡᠭᠦᠷᠭᠡ᠂ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠨ᠎ᠠ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ᠂ ᠭᠤᠷᠪᠠᠨ ᠭᠤᠭᠴᠤᠭ᠎ᠠ ᠶᠢ ᠳ᠋ᠦᠩᠨᠡᠨ ᠳᠡᠭᠡᠭᠰᠢᠯᠡᠭᠦᠯᠬᠦ᠂ ᠪᠦᠬᠦ ᠲᠠᠯ᠎ᠠ ᠪᠠᠷ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ᠂ ᠢᠯᠵᠠᠷᠠᠯ ᠢ ᠡᠰᠡᠷᠭᠦᠴᠡᠨ ᠴᠠᠭᠳᠠᠭ᠎ᠠ ᠶᠢ ᠬᠦᠴᠦᠷᠬᠡᠭᠵᠢᠭᠦᠯᠬᠦ᠂ ᠬᠤᠪᠢᠰᠬᠠᠯᠵᠢᠯᠲᠠ ᠶᠢ ᠴᠢᠩᠭᠠᠳᠬᠠᠬᠤ᠂ ᠵᠢᠩᠬᠢᠨᠢᠴᠢᠯᠡᠬᠦ᠂ ᠲᠤᠰᠬᠠᠶᠢᠵᠢᠭᠤᠯᠬᠤ᠂ ᠲᠤᠰᠬᠠᠶᠢᠵᠢᠭᠤᠯᠬᠤ ᠪᠠᠶᠢᠭᠤᠯᠤᠯᠲᠠ᠂ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠣᠷᠭᠠᠨᠢᠭ ᠢᠶᠠᠷ ᠤᠶᠠᠯᠳᠤᠭᠤᠯᠬᠤ ᠬᠡᠷᠡᠭᠲᠡᠶ᠂ ᠨᠡᠪᠲᠡᠷᠡᠬᠦ᠂ ᠨᠠᠮ ᠪᠠ ᠠᠷᠠᠳ ᠲᠦᠮᠡᠨ ᠤ ᠢᠲᠡᠭᠡᠯ ᠢ ᠤᠯᠬᠤ ᠬᠡᠷᠡᠭᠲᠡᠶ᠂ ᠨᠠᠶᠢᠳᠠᠪᠤᠷᠢᠲᠠᠶ᠂ ᠰᠠᠨᠠᠭ᠎ᠠ ᠠᠮᠤᠷ ᠤᠯᠤᠰ ᠲᠥᠷᠥ ᠬᠠᠤᠯᠢ ᠴᠠᠭᠠᠵᠠ ᠶᠢᠨ ᠲᠡᠮᠦᠷ ᠴᠡᠷᠢᠭ᠂ ᠨᠠᠩ ᠰᠠᠶᠢᠨ ᠬᠢᠷᠢ ᠲᠦᠪᠰᠢᠨ ᠪᠦᠬᠦᠢ ᠠᠮᠤᠷ ᠠᠮᠤᠭᠤᠯᠠᠩ ᠬᠠᠶᠢᠷᠤᠪ ᠤᠨ ᠲᠤᠬᠤᠢ ᠲᠤᠭᠤᠷᠢᠭ ᠤᠨ ᠪᠦᠲᠦᠭᠡᠨ ᠪᠠᠶᠢᠭᠤᠯᠬᠤ ᠶᠢᠨ ᠲᠥᠯᠥᠭᠡ᠂ ᠬᠠᠤᠯᠢᠵᠢᠯ ᠤᠨ ᠬᠠᠶᠢᠢᠷᠤᠪ ᠤᠨ ᠲᠤᠬᠤᠢ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠰᠢᠨ᠎ᠡ ᠳᠦᠷᠰᠦ  ᠪᠠᠶᠢᠳᠠᠯ ᠪᠠ ᠤᠯᠤᠰ ᠤᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠠᠮᠤᠷ ᠲᠦᠪᠰᠢᠨ᠂ ᠠᠷᠠᠳ ᠲᠦᠮᠡᠨ ᠤ ᠠᠮᠤᠷ ᠠᠮᠤᠭᠤᠯᠠᠩ ᠰᠢᠨ᠎ᠡ ᠠᠮᠵᠢᠯᠲᠠ ᠪᠦᠲᠦᠮᠵᠢ ᠢᠶᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠪᠡ᠃       ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠯᠢ ᠮᠢᠩ᠂ ᠬᠠᠶᠢᠢᠷᠤᠪ ᠤᠨ ᠲᠤᠬᠤᠢ ᠲᠣᠭᠤᠷᠢᠭ ᠦᠵᠡᠯ ᠰᠠᠨᠠᠭᠠᠨ ᠤ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠬᠤ ᠶᠢ ᠪᠠᠷᠢᠮᠲᠠᠯᠠᠵᠤ᠂《 ᠬᠠᠷᠢᠴᠠᠯᠠᠰᠢᠭᠦᠢ ᠦᠨᠡᠨᠴᠢ ᠰᠢᠳᠤᠷᠭᠤ᠂ ᠬᠠᠷᠢᠴᠠᠯᠠᠰᠢᠭᠦᠢ ᠠᠷᠢᠭᠤᠨ ᠴᠡᠪᠡᠷ᠂ ᠬᠠᠷᠢᠴᠠᠯᠠᠰᠢᠭᠦᠢ ᠨᠠᠶᠢᠳᠠᠪᠤᠷᠢᠲᠠᠢ  ᠪᠠᠶᠢᠬᠤ ᠡᠨᠡ ᠬᠦ ᠦᠨᠳᠦᠰᠦᠨ ᠱᠠᠭᠠᠷᠳᠠᠯᠭ᠎ᠠ ᠶᠢ ᠴᠢᠩᠭ᠎ᠠ ᠡᠵᠡᠮᠳᠡᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠦᠨᠡᠨᠴᠢ ᠰᠢᠳᠤᠷᠭᠤ ᠶᠢᠨ ᠰᠠᠭᠤᠷᠢ ᠶᠢ ᠬᠦᠴᠦᠯᠡᠨ ᠪᠠᠬᠢᠵᠢᠭᠦᠯᠦᠨ᠎ᠡ ᠭᠡᠵᠦ ᠵᠢᠭᠠᠵᠤ ᠭᠠᠷᠭᠠᠪᠠ᠃ ᠬᠤᠷᠢᠭᠠᠲᠤ ᠣᠷᠣᠨ ᠦᠭᠡᠢ᠂ ᠪᠦᠬᠦᠨ ᠢ ᠬᠠᠮᠤᠷᠬᠤ᠂ ᠤᠭ᠍ᠳᠤ ᠠᠭᠤᠴᠢᠯᠠᠬᠤ ᠦᠭᠡᠢ ᠪᠠᠶᠢᠬᠤ ᠶᠢ ᠪᠠᠷᠢᠮᠲᠠᠯᠠᠵᠤ᠂  ᠥᠨᠳᠥᠷ ᠳᠠᠷᠤᠯᠲᠠ ᠦᠵᠡᠭᠦᠯᠬᠦ᠂ ᠤᠷᠳᠤ ᠬᠤᠭᠤᠴᠠᠭ᠎ᠠ ᠪᠠᠷ ᠰᠦᠷᠳᠡᠭᠦᠯᠬᠦ ᠶᠢ ᠪᠠᠷᠢᠮᠲᠠᠯᠠᠵᠤ᠂ ᠤᠯᠠᠨ ᠢ ᠲᠦᠢᠪᠡᠭᠡᠭᠴᠢᠳ ᠢ ᠪᠦᠬᠦ ᠲᠠᠯ᠎ᠠ ᠪᠠᠷ ᠲᠦᠢᠯᠪᠤᠷᠢᠲᠠᠢ ᠠᠷᠢᠯᠭᠠᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠨ᠎ᠠ᠃ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ ᠶᠢ ᠨᠥᠯᠥᠭᠡᠯᠡᠬᠦ 《 ᠲᠤᠯᠤᠭᠠᠨ ᠶᠡᠭᠡ ᠠᠷᠬᠠᠭ 》᠎ ᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ᠂ ᠬᠠᠤᠯᠢ ᠬᠡᠷᠡᠭᠵᠢᠭᠦᠯᠦᠯᠲᠡ ᠬᠠᠤᠯᠢ ᠪᠠᠷᠢᠯᠲᠠ ᠶᠢᠨ ᠬᠢᠨᠠᠯᠲᠠ ᠲᠠᠯᠪᠢᠬᠤ ᠲᠣᠭᠲᠠᠴᠠ᠂ ᠺᠠᠳ᠋ᠷ ᠴᠠᠭᠳᠠᠭ᠎ᠠ ᠶᠢᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠲᠣᠭᠲᠠᠴᠠ ᠶᠢ ᠲᠠᠰᠤᠷᠠᠯᠳᠠ ᠦᠭᠡᠢ ᠪᠦᠷᠢᠨᠰᠢᠬᠦᠯᠤᠨ᠂ ᠬᠥᠮᠦᠵᠢᠯ ᠴᠡᠭᠴᠡᠯᠡᠯᠲᠡ ᠶᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠠᠷ ᠬᠦᠴᠦᠨ ᠲᠠᠢ ᠪᠣᠯᠭᠠᠬᠤ ᠶᠢ ᠲᠦᠯᠬᠢᠨ ᠠᠬᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号