ᠬᠠᠶᠢᠢᠷᠤᠪ ᠤᠨ ᠲᠤᠬᠤᠢ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 221 ᠳ᠋ᠦᠭᠡᠷ ( ᠥᠷᠭᠡᠳᠬᠡᠭᠰᠡᠨ ) ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/22
     3 ᠰᠠᠷ᠎ᠠ ᠶᠢᠨ 18 ᠎ ᠤ ᠡᠳᠦᠷ᠂ ᠬᠠᠶᠢᠢᠷᠤᠪ ᠤᠨ ᠲᠤᠬᠤᠢ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 221 ᠳ᠋ᠦᠭᠡᠷ ( ᠥᠷᠭᠡᠳᠬᠡᠭᠰᠡᠨ ) ᠬᠤᠷᠠᠯ ᠬᠤᠷᠠᠯᠳᠤᠪᠠ᠃
     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠨᠠᠮ ᠤᠨ ᠰᠤᠷᠭᠠᠭᠤᠯᠢ ( ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ )᠎ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠵᠦ᠂ ᠬᠠᠶᠢᠢᠷᠤᠪ ᠤᠨ ᠲᠤᠬᠤᠢ ᠲᠣᠭᠤᠷᠢᠭ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ᠬᠠᠶᠢᠢᠷᠤᠪ ᠤᠨ ᠲᠤᠬᠤᠢ ᠲᠣᠭᠤᠷᠢᠭ ᠤᠨ ᠵᠣᠬᠢᠶᠠᠨ ᠪᠠᠶᠢᠭᠤᠯᠵᠤ ᠤᠬᠠᠭᠤᠯᠬᠤ ᠨᠢᠭᠡᠳᠦᠮᠡᠯ ᠹᠷᠣᠨᠲ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠬᠠᠶᠢᠢᠷᠤᠪ ᠤᠨ ᠲᠤᠬᠤᠢ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠥᠷᠪᠡᠳᠦᠭᠡᠷ ᠬᠤᠷᠠᠯ ᠪᠣᠯᠤᠨ ᠤᠯᠤᠰ ᠲᠦᠷᠦ ᠶᠢᠨ ᠵᠥᠪᠯᠡᠯᠭᠡᠨ ᠤ ᠬᠠᠶᠢᠢᠷᠤᠪ ᠤᠨ ᠲᠤᠬᠤᠢ ᠲᠣᠭᠤᠷᠢᠭ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠵᠡᠷᠭᠡ ᠶᠢ ᠰᠣᠨᠣᠰᠪᠠ᠃《 2021 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ 》᠂ 《 ᠬᠠᠶᠢᠢᠷᠤᠪ ᠤᠨ ᠲᠤᠬᠤᠢ ᠲᠣᠭᠤᠷᠢᠭ ᠤᠨ 2020 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2021 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ( ᠲᠥᠰᠦᠯ )᠎ ᠶᠢᠨ ᠮᠡᠳᠡᠭᠦᠯᠦᠯᠲᠡ ( ᠬᠢᠨᠠᠭᠤᠯᠬᠤ ᠪᠠᠷ ᠳᠡᠪᠰᠢᠭᠦᠯᠦᠭᠰᠡᠨ ᠨᠤᠤᠷᠠᠭ ) 》᠂ 《 ᠬᠠᠶᠢᠢᠷᠤᠪ ᠤᠨ ᠲᠤᠬᠤᠢ ᠲᠣᠭᠤᠷᠢᠭ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠲᠣᠪᠴᠢ ( ᠬᠢᠨᠠᠭᠤᠯᠬᠤ ᠪᠠᠷ ᠳᠡᠪᠰᠢᠭᠦᠯᠦᠭᠰᠡᠨ ᠨᠤᠤᠷᠠᠭ ) 》ᠵᠡᠷᠭᠡ ᠶᠢ ᠰᠤᠳᠤᠯᠤᠨ ᠬᠢᠨᠠᠨ ᠵᠥᠪᠯᠡᠪᠡ᠃ ᠬᠤᠷᠠᠯ ᠠᠴᠠ᠂ ᠬᠠᠶᠢᠢᠷᠤᠪ ᠤᠨ ᠲᠤᠬᠤᠢ ᠲᠣᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠣᠳᠠᠲᠠᠢ ᠱᠠᠭᠠᠷᠳᠠᠯᠭ᠎ᠠ ᠶᠣᠰᠣᠭᠠᠷ᠂ ᠪᠦᠬᠦ ᠤᠯᠤᠰ ᠤᠨ ᠬᠤᠶᠠᠷ ᠬᠤᠷᠠᠯ ᠤᠨ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂《 ᠠᠷᠪᠠᠨ ᠳᠥᠷᠪᠡᠳᠦᠭᠡᠷ ᠲᠠᠪᠤᠨ ᠵᠢᠯ 》᠎ ᠤᠨ ᠰᠠᠶᠢᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠶᠢ ᠴᠢᠷᠮᠠᠶᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠠᠶᠢᠢᠷᠤᠪ ᠤᠨ ᠲᠤᠬᠤᠢ ᠲᠣᠭᠤᠷᠢᠭ ᠤᠨ ᠲᠤᠰ ᠪᠡᠶ᠎ᠡ ᠶᠢᠨ ᠳᠠᠪᠠᠭᠤᠯᠢᠭ ᠲᠤ ᠰᠠᠭᠤᠷᠢᠯᠠᠨ᠂ ᠪᠠᠶᠢᠷᠢ ᠲᠣᠭᠲᠠᠭᠠᠯᠲᠠ ᠪᠠᠨ ᠤᠯᠠᠮ ᠴᠢᠨᠠᠭᠰᠢᠳᠠ ᠣᠨᠣᠪᠴᠢᠲᠠᠢ ᠣᠯᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠪᠠᠷ ᠵᠢᠱᠢᠶ᠎ᠡ ᠦᠵᠡᠭᠦᠯᠦᠨ ᠬᠦᠳᠦᠯᠦᠨ ᠳᠠᠭᠠᠭᠤᠯᠬᠤ ᠪᠠᠷ ᠴᠢᠷᠮᠠᠶᠢᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠬᠡᠵᠦ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ᠂ ᠣᠷᠣᠨ ᠰᠠᠭᠤᠴᠠ ᠵᠡᠷᠭᠡ ᠪᠣᠳᠠᠲᠠᠢ ᠠᠰᠠᠭᠤᠳᠠᠯ ᠢ ᠬᠢᠨᠠᠮᠠᠭᠠᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠬᠤ ᠬᠡᠷᠡᠭᠲᠡᠢ᠃ ᠨᠢᠭᠡᠳᠦᠯᠲᠡᠢ ᠨᠠᠶᠢᠷᠠᠭᠤᠯᠤᠭᠰᠠᠨ ᠭᠤᠷᠪᠠᠨ ᠲᠦᠷᠦᠯ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠶᠡᠭᠡ ᠪᠠᠷ ᠪᠤᠢ ᠪᠣᠯᠭᠠᠬᠤ ᠬᠡᠷᠡᠭᠲᠡᠢ᠃ ᠰᠠᠶᠢᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠬᠠᠶᠢᠢᠷᠤᠪ ᠤᠨ ᠲᠤᠬᠤᠢ ᠲᠣᠭᠤᠷᠢᠭ ᠲᠤ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠤᠯᠬᠤ ᠶᠢ ᠦᠨᠡᠨ ᠬᠦ ᠠᠬᠢᠭᠤᠯᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号