ᠬᠠᠶᠢᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ 4 ᠳ᠋ᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/23
     3 ᠰᠠᠷ᠎ᠠ ᠶᠢᠨ 18 ᠎ ᠤ ᠡᠳᠦᠷ᠂ ᠬᠠᠶᠢᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ 4 ᠳ᠋ᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠵᠤ᠂ ᠬᠤᠳᠠ ᠶᠢᠨ ᠨᠠᠮ ᠤᠨ ᠬᠤᠷᠢᠶᠠᠨ ᠤ ᠲᠣᠭᠤᠷᠢᠨ ᠵᠢᠯᠣᠭᠤᠳᠬᠤ ᠳᠤᠭᠤᠶᠢᠯᠠᠩ ᠤᠨ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠨᠠᠮ ᠤᠨ ᠲᠡᠦᠬᠡ ᠶᠢᠨ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠪᠠ ᠃ᠬᠠᠶᠢᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ ᠳᠡᠭᠡᠷ᠎ᠡ ᠳᠤᠷᠠᠳᠤᠭᠰᠠᠨ ᠠᠭᠤᠯᠭ᠎ᠠ ᠶᠢᠨ ᠲᠣᠭᠤᠷᠢᠨ ᠳᠤ ᠨᠢᠭᠡᠳ ᠨᠢᠭᠡ ᠪᠠᠷ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠵᠢᠯᠣᠭᠤᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠤᠳᠤᠷᠢᠳᠤᠯᠭ᠎ᠠ ᠲᠤᠰ ᠤᠳᠠᠭ᠎ᠠ ᠶᠢᠨ ᠬᠤᠷᠠᠯ ᠢ ᠭᠦᠢᠴᠡᠳ ᠨᠤᠲᠠᠯᠠᠪᠠ᠃ ᠡᠭᠦᠨ ᠤ ᠬᠠᠮᠲᠤ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠪᠠᠨ ᠣᠶᠢᠯᠠᠭᠠᠬᠤ ᠳᠡᠭᠡᠷ᠎ᠡ ᠬᠦᠴᠦ ᠲᠠᠯᠪᠢᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠨᠤᠯ ᠲᠦᠷᠦ ᠶᠢᠨ ᠪᠤᠳᠤᠯᠭ᠎ᠠ ᠶᠢ ᠰᠠᠶᠢᠲᠤᠷ ᠤᠯᠠᠮᠵᠢᠯᠠᠨ ᠰᠤᠷᠤᠯᠴᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠭᠠᠷᠠᠭ ᠪᠦᠷᠢ 2᠎ ᠠᠴᠠ ᠳᠡᠭᠡᠭᠰᠢ ᠰᠤᠷᠤᠯᠭ᠎ᠠ ᠶᠢᠨ ᠴᠠᠭ ᠤᠨ ᠲᠥᠪᠯᠡᠷᠡᠭᠦᠯᠦᠨ ᠰᠤᠷᠤᠯᠴᠠᠬᠤ ᠱᠠᠭᠠᠷᠳᠠᠯᠭ᠎ᠠ ᠶᠣᠰᠣᠭᠠᠷ᠂ ᠰᠤᠷᠤᠯᠴᠠᠯᠭ᠎ᠠ ᠶᠢᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ᠪᠣᠳᠠᠲᠤ ᠶᠠᠪᠤᠳᠠᠯ ᠬᠢᠵᠦ᠂ ᠰᠢᠨ᠎ᠡ ᠪᠠᠶᠢᠳᠠᠯ ᠢ ᠡᠭᠦᠳᠬᠦ ᠳᠡᠭᠡᠷ᠎ᠡ ᠬᠦᠴᠦ ᠲᠠᠯᠪᠢᠵᠤ᠂ ᠬᠠᠷᠠᠯᠲᠠ ᠡᠭᠦᠷᠭᠡ ᠵᠢᠴᠢ ᠡᠯ᠎ᠡ ᠵᠦᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠤᠯᠠᠮ ᠴᠢᠨᠠᠭᠰᠢᠳᠠ ᠯᠠᠪᠳᠠᠭᠤᠨ ᠪᠠᠲᠤᠲᠠᠢ ᠠᠵᠢᠯᠯᠠᠵᠤ᠂《 ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ 》 ᠦᠢᠯᠡᠳᠦᠯᠭᠡ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ 《 ᠭᠤᠷᠪᠠ ᠶᠢ ᠠᠰᠠᠭᠤᠬᠤ 》 ᠦᠭᠡ ᠦᠯᠡᠳᠡᠭᠡᠬᠦ ᠰᠠᠮᠪᠠᠷ᠎ᠠ ᠶᠢ ᠴᠤᠭᠯᠠᠭᠤᠯᠤᠨ ᠡᠮᠬᠢᠯᠡᠬᠦ ᠠᠵᠢᠯ ᠢ ᠰᠠᠶᠢᠲᠤᠷ ᠬᠢᠵᠦ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠡᠭᠦᠳᠬᠦ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ᠠᠵᠢᠯ ᠤᠨ ᠡᠭᠦᠷᠭᠡ ᠪᠠᠨ ᠨᠠᠷᠢᠯᠢᠭᠵᠢᠭᠤᠯᠬᠤ ᠳᠡᠭᠡᠷ᠎ᠡ ᠬᠦᠴᠦ ᠲᠠᠯᠪᠢᠵᠤ᠂ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ《 ᠭᠠᠷᠠᠭ ᠪᠦᠷᠢ ᠶᠢᠨ ᠠᠵᠢᠯ ᠤᠨ ᠰᠠᠨᠠᠭᠤᠯᠤᠮᠵᠢ 》᠎ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠠᠬᠢᠭᠤᠯᠬᠤ ᠬᠡᠷᠡᠭᠲᠡᠢ᠃      ᠬᠤᠷᠠᠯ ᠠᠴᠠ᠂ ᠪᠦᠬᠦ ᠨᠠᠮ ᠤᠨ ᠳᠣᠲᠣᠷ᠎ᠠ ᠨᠠᠮ ᠤᠨ ᠲᠡᠦᠬᠡ ᠶᠢᠨ ᠲᠤᠬᠠᠢ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠨᠠᠮ ᠤᠨ ᠵᠠᠭᠤᠨ ᠵᠢᠯ ᠤᠨ ᠲᠡᠦᠬᠡ ᠶᠢᠨ ᠰᠢᠨ᠎ᠡ ᠭᠠᠷᠤᠭ᠎ᠠ ᠳᠤ ᠰᠠᠭᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠠ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠪᠦᠬᠦ ᠨᠠᠮ ᠪᠦᠬᠦ ᠤᠯᠤᠰ ᠢᠶᠠᠷ ᠢᠶᠠᠨ ᠢᠲᠡᠭᠡᠯ ᠲᠡᠭᠦᠯᠳᠡᠷ ᠢᠶᠠᠷ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠣᠷᠣᠯᠴᠠᠬᠤ ᠶᠢ ᠳᠠᠶᠢᠴᠢᠯᠠᠬᠤ ᠳᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠣᠯᠤᠨ᠎ᠠ᠂ ᠠᠴᠢ ᠬᠤᠯᠪᠣᠭᠳᠠᠯ ᠨᠢ ᠴᠢᠬᠤᠯᠠ ᠶᠡᠭᠡ᠂ ᠴᠠᠭ ᠲᠠᠭᠠᠨ ᠲᠤᠬᠢᠷᠠᠵᠤ᠂ ᠮᠠᠰᠢ ᠴᠢᠬᠤᠯᠠ ᠶᠤᠮ᠃ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠶ᠋ᠯᠡ ᠠᠵᠢᠯᠯᠠᠭᠠᠨ ᠤ ᠤᠬᠠᠮᠰᠠᠷ ᠢᠶᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠲᠡᠦᠬᠡ ᠰᠤᠷᠤᠯᠴᠠᠨ ᠶᠣᠰᠣ ᠤᠴᠢᠷ ᠢ ᠮᠡᠳᠡᠬᠦ᠂ ᠲᠡᠦᠬᠡ ᠰᠤᠷᠤᠯᠴᠠᠨ ᠢᠲᠡᠭᠡᠮᠵᠢ ᠪᠠᠨ ᠨᠡᠮᠡᠭᠳᠡᠭᠦᠯᠬᠦ᠂ ᠲᠡᠦᠬᠡ ᠰᠤᠷᠤᠯᠴᠠᠨ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠰᠤᠷᠤᠯᠴᠠᠨ ᠤᠶᠢᠯᠡᠳᠤᠯᠭᠡᠵᠢᠭᠦᠯᠬᠦ  ᠶᠢ ᠦᠨᠡᠨ ᠬᠦ ᠪᠡᠶᠡᠯᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ᠃ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠵᠥᠪ ᠨᠠᠮ ᠤᠨ ᠲᠡᠦᠬᠡ ᠶᠢᠨ ᠦᠵᠡᠯᠲᠡ ᠶᠢ ᠪᠠᠲᠤ ᠪᠤᠢ ᠪᠣᠯᠭᠠᠬᠤ ᠬᠡᠷᠡᠭᠲᠡᠢ᠃ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠦᠵᠡᠯ ᠰᠠᠨᠠᠭᠠᠨ ᠤ ᠠᠤᠭ᠎ᠠ ᠬᠦᠴᠦᠨ ᠢ ᠤᠯᠠᠮ ᠴᠢᠨᠠᠭᠰᠢᠳᠠ ᠣᠶᠢᠯᠠᠭᠠᠬᠤ ᠬᠡᠷᠡᠭᠲᠡᠢ᠃ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠤᠯᠠᠨ ᠲᠦᠮᠡᠨ ᠳᠤ ᠦᠨᠡᠨ ᠬᠦ ᠪᠣᠳᠠᠲᠠᠢ ᠶᠠᠪᠤᠳᠠᠯ ᠬᠢᠵᠦ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠰᠠᠶᠢᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠨ᠎ᠠ᠃      ᠬᠤᠷᠠᠯ ᠠᠴᠠ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠤᠯᠠᠮ ᠴᠢᠨᠠᠭᠰᠢᠳᠠ ᠴᠢᠩᠭᠠᠳᠬᠠᠵᠤ᠂  ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠲᠡᠦᠬᠡ ᠰᠤᠷᠤᠯᠴᠠᠬᠤ ᠤᠳᠤᠷᠢᠳᠬᠤ ᠳᠤᠭᠤᠶᠢᠯᠠᠩ ᠤᠨ ᠲᠦᠷᠦᠭᠦᠯᠡᠨ ᠠᠳᠬᠤᠬᠤ ᠶᠡᠷᠦᠩᠬᠡᠢ ᠦᠢᠯᠡᠳᠦᠯ ᠪᠣᠯᠤᠨ ᠲᠣᠭᠤᠷᠢᠨ ᠵᠢᠯᠣᠭᠤᠳᠬᠤ ᠳᠤᠭᠤᠶᠢᠯᠠᠩ ᠤᠨ ᠱᠠᠯᠠᠪᠳᠠᠭᠤᠯᠤᠨ ᠪᠠᠶᠢᠴᠠᠭᠠᠵᠤ ᠵᠢᠯᠣᠭᠤᠳᠬᠤ ᠦᠢᠯᠡᠳᠦᠯ ᠢ ᠦᠨᠡᠨ ᠬᠦ ᠪᠠᠳᠠᠷᠠᠭᠤᠯᠵᠤ᠂ ᠠᠵᠢᠯ ᠤᠨ ᠡᠭᠦᠷᠭᠡ ᠪᠠᠨ ᠨᠠᠷᠢᠯᠢᠭ᠍ᠵᠢᠭᠤᠯᠵᠤ᠂ ᠳᠡᠭᠡᠳᠦ ᠳᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ ᠬᠡᠷᠡᠭᠲᠡᠢ᠃ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠰᠤᠷᠤᠯᠴᠠᠬᠤ ᠲᠥᠯᠥᠪᠯᠡᠭᠡ ᠲᠣᠭᠲᠠᠭᠠᠵᠤ᠂ ᠰᠤᠷᠤᠯᠴᠠᠬᠤ ᠬᠠᠷᠠᠯᠲᠠ ᠪᠠᠨ ᠲᠣᠳᠣᠷᠬᠠᠶᠢᠯᠠᠵᠤ᠂ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠬᠤ᠂ ᠨᠣᠮ ᠤᠩᠰᠢᠬᠤ ᠠᠩᠭᠢ ᠪᠠ ᠲᠤᠰᠬᠠᠶ ᠰᠡᠳᠦᠪᠲᠦ ᠨᠠᠮ ᠤᠨ ᠬᠢᠴᠢᠶᠡᠯ ᠥᠷᠨᠢᠭᠦᠯᠵᠦ᠂ ᠵᠠᠰᠠᠭ ᠤᠨ ᠶᠠᠪᠤᠳᠠᠯ ᠤᠨ ᠰᠦᠯᠵᠢᠶ᠎ᠡ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠡᠷᠭᠡ ᠲᠠᠪᠴᠠᠩ ᠤᠨ ᠠᠴᠢᠶᠠᠯᠠᠪᠤᠷᠢ ᠶᠢ ᠰᠠᠶᠢᠲᠤᠷ ᠬᠡᠷᠡᠭᠯᠡᠵᠦ᠂ ᠤᠯᠠᠮᠵᠢᠯᠠᠨ ᠤᠬᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃《 ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ 》 ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠬᠦ ᠬᠡᠷᠡᠭᠲᠡᠢ᠃ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ 《 ᠭᠤᠷᠪᠠ ᠶᠢ ᠠᠰᠠᠭᠤᠬᠤ 》 ᠠᠵᠢᠯᠯᠠᠭ᠎ᠠ ᠶᠢ ᠥᠷᠨᠢᠭᠦᠯᠵᠦ᠂ ᠫᠤᠷᠲ᠋ᠧᠯ ᠰᠦᠯᠵᠢᠶ᠎ᠡ᠂ ᠰᠢᠨ᠎ᠡ ᠵᠠᠭᠤᠴᠢᠯᠠᠭᠤᠷ ᠤᠨ ᠤᠯᠠᠨ ᠨᠡᠶᠢᠲᠡ ᠶᠢᠨ ᠳ᠋ᠤᠭᠠᠷ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠶᠠᠷᠢᠯᠴᠠᠵᠤ ᠣᠶᠢᠯᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠠᠨ ᠲᠦᠮᠡᠨ ᠤ 《 ᠪᠠᠴᠢᠮ ᠶᠠᠭᠠᠷᠠᠤ᠂ ᠬᠦᠴᠢᠷ ᠵᠣᠪᠠᠭᠤᠷᠢ᠂ ᠬᠦᠰᠡᠯ ᠡᠷᠡᠮᠡᠯᠵᠡᠯ 》ᠵᠡᠷᠭᠡ ᠠᠰᠠᠭᠤᠳᠠᠯ ᠪᠠ ᠡᠯ᠎ᠡ ᠰᠠᠯᠠᠭ᠎ᠠ ᠮᠥᠴᠢᠷ ᠨᠢᠭᠡᠴᠢ ᠶᠢᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠴᠠᠭ ᠲᠤᠬᠠᠢ ᠳᠤᠨᠢ ᠤᠶᠢᠢᠯᠠᠭᠠᠨ ᠡᠵᠡᠮᠰᠢᠵᠦ᠂ ᠠᠰᠠᠭᠤᠳᠠᠯ ᠤᠨ ᠲᠣᠳᠣᠷᠬᠠᠢ ᠬᠠᠭᠤᠳᠠᠰᠤ ᠶᠢ ᠬᠤᠷᠢᠶᠠᠩᠭᠤᠶᠢᠯᠠᠨ ᠡᠮᠬᠢᠯᠡᠨ ᠪᠦᠷᠢᠯᠳᠦᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠥᠷᠨᠢᠭᠦᠯᠬᠦ᠂ ᠡᠮᠬᠢ ᠵᠢᠷᠤᠮ ᠲᠠᠢ ᠠᠬᠢᠭᠤᠯᠬᠤ᠂ ᠪᠣᠳᠠᠲᠤ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号