ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠲᠥᠪᠯᠡᠷᠡᠭᠦᠯᠦᠨ ᠰᠤᠳᠤᠯᠤᠨ ᠶᠠᠷᠢᠯᠴᠠᠪᠠ
ᠨᠡᠶᠢᠲᠡᠯᠡᠭᠰᠡᠨ ᠴᠠᠭ᠄
2021/3/24
     ᠤᠢᠢᠷ᠎ᠠ ᠶᠢᠨ ᠡᠳᠦᠷ ᠤᠳ ᠲᠤ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠥᠪᠯᠡᠷᠡᠭᠦᠯᠦᠨ ᠰᠤᠳᠤᠯᠤᠨ ᠶᠠᠷᠢᠯᠴᠠᠵᠤ ᠰᠣᠯᠢᠯᠴᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠎ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠶᠢᠴᠢᠯᠠᠯᠳᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠰᠤᠳᠤᠯᠤᠨ ᠶᠠᠷᠢᠯᠴᠠᠵᠤ ᠰᠣᠯᠢᠯᠴᠠᠨ᠂ ᠲᠡᠦᠬᠡ ᠶᠢ ᠰᠤᠷᠤᠯᠴᠠᠵᠦ ᠶᠣᠰᠣ ᠶᠢ ᠮᠡᠳᠡᠬᠦ᠂ ᠲᠡᠦᠬᠡ ᠶᠢ ᠰᠤᠷᠤᠯᠴᠠᠵᠦ ᠢᠲᠡᠭᠡᠯ ᠢᠶᠠᠨ ᠨᠡᠮᠡᠭᠳᠡᠭᠦᠯᠬᠦ᠂ ᠲᠡᠦᠬᠡ ᠶᠢ ᠰᠤᠷᠤᠯᠴᠠᠵᠦ ᠮᠣᠷᠠᠯ ᠢ ᠡᠷᠬᠢᠮᠯᠡᠬᠦ᠂ ᠲᠡᠦᠬᠡ ᠶᠢ ᠰᠤᠷᠤᠯᠴᠠᠵᠦ ᠬᠦᠴᠦᠯᠡᠨ ᠭᠦᠢᠴᠡᠳᠬᠡᠬᠦ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠠᠢ ᠶᠠᠪᠤᠳᠠᠯ ᠬᠢᠬᠦ᠂ ᠰᠢᠨ᠎ᠡ ᠪᠠᠶᠢᠳᠠᠯ ᠢ ᠡᠭᠦᠳᠬᠦ ᠶᠢ ᠴᠢᠷᠮᠠᠶᠢᠨ ᠪᠡᠶᠡᠯᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ  ᠤᠭᠳᠤᠶ᠎ᠠ᠃      ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠨᠡᠨ ᠬᠦ ᠰᠠᠶᠢᠲᠤᠷ ᠥᠷᠨᠢᠭᠦᠯᠬᠦ ᠶᠢᠨ ᠲᠥᠯᠥᠭᠡ᠂ 3 ᠰᠠᠷ᠎ᠠ ᠶᠢᠨ 18᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠶᠢᠴᠢᠯᠠᠯᠳᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭᠠᠨ ᠎ ᠤ ᠲᠣᠭᠤᠷᠢᠨ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠰᠤᠳᠤᠯᠤᠨ ᠶᠠᠷᠢᠯᠴᠠᠬᠤ ᠰᠣᠯᠢᠯᠴᠠᠭ᠎ᠠ ᠥᠷᠨᠢᠭᠦᠯᠪᠡ᠃ ᠪᠦᠬᠦ ᠬᠥᠮᠦᠰ ᠰᠤᠷᠤᠯᠴᠠᠯᠭ᠎ᠠ ᠪᠠᠷ ᠳᠠᠮᠵᠢᠨ᠂ ᠨᠠᠮ ᠤᠨ ᠲᠡᠦᠬᠡ ᠶᠢᠨ ᠵᠥᠪ ᠦᠵᠡᠯᠲᠡ ᠶᠢ ᠪᠣᠶ ᠪᠣᠯᠭᠠᠭᠰᠠᠨ ᠪᠥᠭᠡᠳ 《 ᠠᠷᠪᠠᠨ ᠪᠣᠯᠬᠤ ᠦᠭᠡᠢ 》᠎ ᠶᠢ ᠴᠢᠩᠭ᠎ᠠ ᠵᠢᠷᠤᠮᠯᠠᠨ ᠬᠡᠷᠡᠭᠵᠢᠭᠦᠯᠪᠡ᠃ ᠨᠠᠮ ᠤᠨ ᠭᠡᠰᠢᠭᠦᠳ ᠬᠤᠪᠢ ᠬᠥᠮᠦᠨ ᠤ ᠦᠵᠡᠯ ᠰᠠᠨᠠᠭ᠎ᠠ᠂ ᠠᠵᠢᠯ᠂ ᠰᠤᠷᠤᠯᠴᠠᠯᠭ᠎ᠠ᠂ ᠠᠮᠢᠳᠤᠷᠠᠯ ᠤᠨ ᠪᠣᠳᠠᠲᠤ ᠪᠠᠶᠢᠳᠠᠯ ᠲᠠᠢ ᠎ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ᠂ ᠲᠥᠪᠯᠡᠷᠡᠭᠦᠯᠦᠨ ᠰᠤᠳᠤᠯᠤᠨ ᠶᠠᠷᠢᠯᠴᠠᠬᠤ ᠪᠠᠷ ᠳᠠᠮᠵᠢᠭᠤᠯᠤᠨ᠂ ᠤᠯᠠᠨ ᠢᠶᠠᠷ ᠢᠶᠠᠨ ᠲᠡᠦᠬᠡ ᠶᠢ ᠮᠡᠳᠡᠵᠦ ᠨᠠᠮ ᠢᠶᠠᠨ ᠬᠠᠶᠢᠷᠠᠯᠠᠬᠤ᠂ ᠲᠡᠦᠬᠡ ᠶᠢ ᠮᠡᠳᠡᠵᠦ ᠤᠯᠤᠰ ᠢᠶᠠᠨ ᠬᠠᠶᠢᠷᠠᠯᠠᠬᠤ ᠎ ᠶᠢ ᠤᠯᠠᠮ ᠨᠢᠭᠡ ᠠᠯᠬᠤᠮ ᠪᠡᠶᠡᠯᠡᠭᠦᠯᠵᠦ᠂ ᠦᠷᠭᠦᠯᠵᠢ ᠨᠠᠮ ᠤᠨ ᠲᠥᠯᠥᠭᠡ ᠰᠠᠨᠠᠭᠠᠰᠢᠷᠠᠬᠤ ᠰᠡᠳᠬᠢᠯ᠂ ᠨᠠᠮ ᠤᠨ ᠲᠥᠯᠥᠭᠡ ᠵᠢᠳᠬᠦᠬᠦ ᠬᠠᠷᠢᠭᠤᠴᠠᠯᠭ᠎ᠠ᠂ ᠨᠠᠮ ᠢ ᠬᠦᠴᠦᠷᠬᠡᠭᠵᠢᠭᠦᠯᠬᠦ ᠵᠣᠷᠢᠭ ᠪᠣᠯ ᠨᠠᠮ ᠤᠨ ᠭᠡᠰᠢᠭᠦᠨ ᠤ ᠭᠦᠢᠴᠡᠳᠬᠡᠪᠡᠰᠦ ᠵᠣᠬᠢᠬᠤ ᠡᠭᠦᠷᠭᠡ ᠪᠣᠯᠬᠤ ᠶᠢ ᠲᠣᠳᠣᠷᠬᠠᠶᠢᠯᠠᠪᠠ᠃      3 ᠰᠠᠷ᠎ᠠ ᠶᠢᠨ 19᠎ ᠤ ᠡᠳᠦᠷ᠂ ᠰᠢᠨᠬᠤᠸᠠ ᠪᠠᠷᠠᠭᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ《 ᠨᠠᠮ ᠤᠨ ᠲᠡᠦᠬᠡ ᠶᠢᠨ ᠨᠢᠭᠡᠳᠦᠭᠡᠷ ᠬᠢᠴᠢᠶᠡᠯ 》ᠵᠢᠴᠢ ᠠᠩᠬᠠᠳᠤᠭᠠᠷ ᠤᠳᠠᠭᠠᠨ ᠤ ᠨᠠᠮ ᠤᠨ ᠲᠡᠦᠬᠡ ᠎ ᠶᠢᠨ ᠰᠤᠷᠤᠯᠴᠠᠯᠭ᠎ᠠ ᠬᠥᠮᠦᠵᠢᠯ ᠤᠨ ᠰᠤᠳᠤᠯᠤᠨ ᠶᠠᠷᠢᠯᠴᠠᠬᠤ ᠠᠵᠢᠯᠯᠠᠭ᠎ᠠ ᠥᠷᠨᠢᠭᠦᠯᠪᠡ᠃ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠎ ᠶᠢ ᠳᠠᠭᠠᠭᠤᠯᠤᠨ ᠰᠤᠷᠤᠯᠴᠠᠵᠤ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠶᠢ ᠲᠦᠷᠦᠭᠦᠯᠡᠨ ᠥᠷᠨᠢᠭᠦᠯᠪᠡ᠃ ᠨᠠᠮ ᠤᠨ ᠭᠡᠰᠢᠭᠦᠳ᠂ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠲᠠᠢ ᠨᠠᠷᠢᠨ ᠬᠢᠨᠠᠮᠠᠭᠠᠶ ᠬᠠᠷᠭᠤᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠶᠯ ᠤᠨ ᠠᠵᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠶ ᠠᠬᠢᠭᠤᠯᠵᠤ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠡᠭᠦᠳᠬᠦ ᠶᠢ ᠪᠡᠶᠡᠯᠡᠭᠦᠯᠦᠨ᠎ᠡ ᠭᠡᠵᠦ ᠢᠯᠡᠳᠬᠡᠵᠡᠭᠡᠪᠡ᠃      ᠲᠤᠬᠠᠶ ᠶᠢᠨ ᠡᠳᠦᠷ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠤᠳᠤᠷᠢᠳᠬᠤ ᠪᠠᠭ ᠤᠨ ᠪᠦᠷᠢᠯᠳᠦᠬᠦᠨ ᠪᠠ ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠨᠠᠮ ᠎ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠲᠥᠪᠯᠡᠷᠡᠭᠦᠯᠦᠨ ᠰᠤᠳᠤᠯᠤᠨ ᠶᠠᠷᠢᠯᠴᠠᠵᠤ᠂ ᠨᠠᠮ ᠤᠨ ᠲᠡᠮᠡᠴᠡᠯ ᠤᠨ ᠥᠩᠭᠡᠷᠡᠯᠲᠡ ᠪᠠ ᠠᠭᠤᠤ ᠶᠡᠭᠡ ᠠᠮᠵᠢᠯᠲᠠ ᠪᠦᠲᠦᠮᠵᠢ ᠪᠠᠷ ᠲᠡᠮᠡᠴᠡᠯ ᠤᠨ ᠵᠣᠷᠢᠭ ᠢᠶᠠᠨ ᠬᠥᠪᠴᠢᠯᠡᠨ᠂ ᠴᠢᠭᠯᠡᠯ ᠢᠶᠠᠨ ᠲᠣᠳᠣᠷᠬᠠᠶᠢᠯᠠᠵᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢᠶᠠᠷ ᠢᠲᠡᠭᠡᠯ ᠵᠣᠷᠢᠭ ᠢᠶᠠᠨ ᠪᠠᠲᠤᠳᠬᠠᠨ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠨᠠᠮ ᠤᠨ ᠦᠶᠯᠡᠳᠦᠯᠭᠡ ᠶᠢᠨ ᠡᠭᠦᠳᠦᠯᠲᠡ ᠪᠠ ᠲᠡᠦᠬᠡ ᠶᠢᠨ ᠲᠤᠷᠰᠢᠯᠭ᠎ᠠ ᠪᠠᠷ ᠣᠶᠤᠨ ᠤᠬᠠᠭᠠᠨ ᠢ ᠰᠡᠩᠬᠡᠷᠡᠭᠦᠯᠵᠦ᠂ ᠵᠠᠩ ᠴᠢᠨᠠᠷ ᠢᠶᠠᠨ ᠬᠠᠲᠠᠭᠤᠵᠢᠭᠤᠯᠪᠠ᠃ ᠲᠠᠷᠠᠭᠠᠴᠢ ᠶᠢᠨ ᠠᠯᠬᠤᠮ ᠳᠤ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠲᠦᠷᠦᠭᠦᠯᠡᠨ ᠥᠯᠢᠭᠡᠷ ᠳᠠᠭᠤᠷᠢᠶᠠᠯ ᠪᠣᠯᠵᠣ᠂ 《 ᠱᠦᠵᠢ ᠶᠢᠨ ᠨᠠᠮ ᠤᠨ ᠬᠢᠴᠢᠶᠡᠯ ᠣᠷᠣᠬᠤ 》᠎ ᠲᠠᠢ ᠤᠶᠠᠯᠳᠤᠭᠤᠯᠤᠨ ᠰᠠᠨᠠᠭᠠᠴᠢᠯᠠᠭ᠎ᠠ ᠠᠴᠠ ᠪᠠᠨ ᠪᠦᠯᠦᠭ ᠬᠤᠪᠢᠶᠠᠨ ᠪᠠᠶᠢᠭᠤᠯᠭ᠎ᠠ ᠪᠠ ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠤᠷᠢᠭ ᠤᠨ ᠳᠠᠭᠠᠭᠤᠯᠤᠨ ᠰᠤᠷᠤᠯᠴᠠᠬᠤ ᠡᠭᠦᠷᠭᠡ ᠶᠢ ᠰᠠᠶᠢᠲᠤᠷ ᠡᠭᠦᠷᠭᠡᠯᠡᠵᠦ᠂ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠭᠠᠭᠤᠯᠤᠨ ᠵᠡᠭᠡᠯᠢ ᠭᠤᠳᠤᠮᠵᠢ ᠪᠠ ᠳᠠᠭᠠᠭᠠᠴᠢᠯᠠᠨ ᠬᠤᠯᠪᠣᠭᠠᠯᠠᠬᠤ ᠨᠡᠶᠢᠭᠡᠮ ᠲᠣᠭᠤᠷᠢᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠬᠦ ᠶᠢ ᠠᠬᠢᠭᠤᠯᠤᠨ᠎ᠠ᠃      ᠨᠠᠮ ᠤᠨ ᠲᠡᠦᠬᠡ ᠶᠢ ᠰᠤᠷᠤᠯᠴᠠᠬᠤ ᠪᠣᠯ ᠨᠠᠮ ᠤᠨ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠬᠦ ᠴᠢᠬᠤᠯᠠ ᠠᠷᠭ᠎ᠠ ᠵᠠᠮ ᠮᠥᠨ᠂ ᠨᠠᠮ ᠤᠨ ᠲᠡᠦᠬᠡ ᠶᠢ ᠨᠠᠷᠢᠨ ᠬᠢᠨᠠᠮᠠᠭᠠᠢ ᠰᠤᠷᠤᠯᠴᠠᠵᠤ᠂ ᠨᠠᠮ ᠤᠨ ᠲᠡᠦᠬᠡ ᠶᠢᠨ ᠴᠢᠬᠤᠯᠠ ᠶᠡᠭᠡ ᠬᠡᠷᠡᠭ ᠶᠠᠪᠤᠳᠠᠯ᠂ ᠴᠢᠬᠤᠯᠠ ᠬᠤᠷᠠᠯ᠂ ᠴᠢᠬᠤᠯᠠ ᠪᠢᠴᠢᠭ ᠮᠠᠲ᠋ᠧᠷᠢᠶᠠᠯ᠂ ᠴᠢᠬᠤᠯᠠ ᠬᠥᠮᠦᠰ ᠢ ᠣᠶᠢᠯᠠᠭᠠᠵᠤ᠂ ᠨᠠᠮ ᠎ ᠠᠴᠠ ᠠᠷᠠᠳ ᠲᠦᠮᠡᠨ ᠢ ᠤᠳᠤᠷᠢᠳᠤᠨ ᠰᠢᠷᠭᠠᠭᠤ ᠬᠠᠲᠠᠭᠤᠵᠢᠯᠲᠠᠢ ᠭᠠᠷᠮᠠᠭᠠᠢ ᠲᠡᠮᠡᠴᠡᠯ ᠬᠢᠭᠰᠡᠨ ᠥᠩᠭᠡᠷᠡᠯᠲᠡ ᠶᠢ ᠣᠶᠢᠯᠠᠭᠠᠵᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ᠂ ᠡᠷᠬᠢᠮ ᠨᠠᠨᠳᠢᠨ ᠲᠤᠷᠰᠢᠯᠭ᠎ᠠ ᠪᠠ ᠠᠭᠤᠤ ᠶᠡᠭᠡ ᠠᠮᠵᠢᠯᠲᠠ ᠪᠦᠲᠦᠮᠵᠢ ᠶᠢ ᠣᠶᠢᠯᠠᠭᠠᠬᠤ ᠪᠣᠯ ᠨᠠᠮ ᠤᠨ ᠭᠡᠰᠢᠭᠦᠨ ᠤ ᠢᠷᠠᠭᠤ ᠠᠯᠳᠠᠷᠲᠤ ᠲᠤᠰᠢᠶᠠᠯ ᠬᠠᠷᠢᠭᠤᠴᠠᠯᠭ᠎ᠠ ᠮᠥᠨ᠃ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠶᠢᠴᠢᠯᠠᠯᠳᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠵᠣᠷᠢᠭ ᠰᠠᠨᠠᠭᠠᠨ ᠤ ᠮᠥᠨ ᠴᠢᠨᠠᠷ ᠢ ᠨᠠᠷᠢᠨ ᠬᠢᠨᠠᠮᠠᠭᠠᠢ ᠣᠶᠢᠯᠠᠭᠠᠵᠤ᠂ ᠭᠤᠣᠯ ᠠᠭᠤᠯᠭ᠎ᠠ ᠶᠢ ᠣᠨᠣᠪᠴᠢᠲᠠᠢ ᠡᠵᠡᠮᠳᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ᠂ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号