3 ᠰᠠᠷ᠎ᠠ ᠶᠢᠨ 20 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ | ᠶᠢᠨ ᠡᠩᠨᠡᠭᠡ ᠶᠢᠨ ᠬᠥᠮᠦᠵᠢᠯ ᠴᠢᠬᠡᠴᠢ ᠵᠠᠰᠠᠭ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠪᠠ᠃ | ᠬᠤᠷᠠᠯ ᠠᠴᠠ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠴᠢᠬᠡᠴᠢ ᠵᠠᠰᠠᠭ ᠤᠨ ᠬᠥᠮᠦᠵᠢᠯ ᠤᠨ | ᠮᠡᠳᠡᠭᠦᠯᠦᠯᠲᠡ ᠬᠢᠵᠡᠶ᠃ 《 ᠪᠥᠬᠦ ᠲᠤᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ | ᠪᠠᠶᠢᠭᠤᠯᠭ᠎ᠠ ᠶᠢᠨ ᠠᠵᠢᠯᠲᠠᠨ ᠤ〈ᠭᠤᠷᠪᠠᠨ ᠲᠣᠭᠲᠠᠭᠠᠯ 〉 ᠢ ᠵᠥᠷᠢᠴᠡᠭᠰᠡᠨ ᠨᠡᠶᠢᠲᠡᠯᠢᠭ ᠬᠡᠷᠡᠭ ᠤᠨ ᠲᠤᠬᠠᠶ | ᠮᠡᠳᠡᠭᠳᠡᠯ 》 ᠢ ᠤᠯᠠᠮᠵᠢᠯᠠᠪᠠ᠃ | | ᠢᠯᠡᠳᠬᠡᠯ ᠳᠤ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ | ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠲᠤᠬᠠᠶ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠡᠷᠡᠭᠲᠡᠶ᠃ ᠬᠠᠶᠢᠷᠤᠪ ᠤᠨ ᠲᠤᠬᠤᠢ | ᠲᠣᠭᠤᠷᠢᠭ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ | ᠢᠯᠵᠠᠷᠠᠯ ᠢ ᠡᠰᠡᠷᠭᠦᠴᠡᠬᠦ ᠦᠨᠳᠦᠰᠦᠨ ᠪᠠᠶᠢᠳᠠᠯ ᠪᠣᠯᠤᠨ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ᠂ ᠬᠡᠰᠡᠭ | ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ | ᠵᠥᠷᠢᠴᠡᠭᠰᠡᠨ ᠦᠢᠯᠡ ᠠᠵᠢᠯᠯᠠᠭ᠎ᠠ ᠶᠢ ᠵᠠᠷᠯᠠᠨ ᠮᠡᠳᠡᠭᠳᠡᠵᠦ ᠵᠠᠳᠠᠯᠤᠯᠲᠠ ᠬᠢᠪᠡ᠃ ᠤᠯᠤᠰ ᠲᠦᠷᠦ ᠬᠠᠤᠯᠢ ᠴᠠᠭᠠᠵᠠ | ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠵᠥᠪ ᠲᠠᠨᠢᠵᠤ᠂ ᠭᠦᠨᠵᠡᠭᠡᠢ ᠥᠷᠨᠢᠭᠦᠯᠬᠦ ᠬᠡᠷᠡᠭᠲᠡᠢ᠃ | ᠬᠤᠷᠠᠯ ᠠᠴᠠ᠂ ᠬᠥᠮᠦᠵᠢᠯ ᠴᠡᠭᠴᠡᠯᠡᠯᠲᠡ ᠶᠢᠨ ᠶᠡᠷᠦᠩᠬᠡᠢ ᠱᠠᠭᠠᠷᠳᠠᠯᠭ᠎ᠠ ᠶᠢ ᠣᠨᠣᠪᠴᠢᠲᠠᠢ ᠲᠠᠨᠢᠵᠤ | ᠣᠨᠣᠪᠴᠢᠲᠠᠢ ᠡᠵᠡᠮᠳᠡᠬᠦ ᠬᠡᠷᠡᠭᠲᠡᠢ᠃ ᠬᠠᠷᠢᠯᠴᠠᠨ ᠠᠪᠴᠠᠯᠳᠤᠭᠤᠯᠵᠤ᠂ ᠰᠤᠷᠭᠠᠨ ᠬᠥᠮᠦᠵᠢᠯ ᠤᠨ ᠴᠡᠭᠴᠡᠯᠡᠯᠲᠡ ᠶᠢᠨ | ᠡᠯ᠎ᠡ ᠭᠤᠭᠴᠤᠭ᠎ᠠ ᠶᠢᠨ ᠠᠵᠢᠯ ᠤᠨ ᠱᠠᠭᠠᠷᠳᠠᠯᠭ᠎ᠠ ᠶᠢ ᠰᠠᠶᠢᠲᠤᠷ ᠠᠳᠬᠤᠬᠤ ᠬᠡᠷᠡᠭᠲᠡᠶ᠃ ᠠᠷᠠᠳ ᠲᠦᠮᠡᠨ ᠢᠶᠠᠷ | ᠭᠤᠣᠯ ᠪᠣᠯᠭᠠᠬᠤ ᠶᠢ ᠪᠠᠷᠢᠮᠲᠠᠯᠠᠵᠤ᠂ ᠦᠩᠬᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠬᠤ ᠬᠡᠷᠡᠭᠲᠡᠢ᠃ | |