ᠬᠠᠶᠢᠷᠤᠪ ᠤᠨ ᠲᠣᠬᠤᠢ ᠲᠣᠭᠤᠷᠢᠭ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠲᠤᠰᠬᠠᠶ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2021/3/24
     ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 3 ᠰᠠᠷ᠎ᠠ ᠶᠢᠨ 20᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠲᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠲᠤᠰᠬᠠᠢ ᠪᠣᠯᠪᠠᠰᠤᠷᠠᠯ ᠥᠷᠨᠢᠭᠦᠯᠪᠡ᠃
     ᠲᠤᠰᠬᠠᠢ ᠪᠣᠯᠪᠠᠰᠤᠷᠠᠯ ᠳᠤᠮᠳᠠ᠂ ᠦᠬᠠᠢ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠧᠺᠲ᠋ᠣᠷ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠪᠠᠷ ᠭᠤᠣᠯ ᠰᠡᠳᠦᠪ ᠪᠣᠯᠭᠠᠵᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠭᠦᠨᠵᠡᠭᠡᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠲᠣᠳᠣᠷᠬᠠᠶᠢᠯᠠᠨ ᠥᠭᠦᠯᠡᠵᠦ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ᠪᠠᠶᠠᠯᠢᠭ ᠠᠭᠤᠯᠤᠭᠳᠠᠬᠤᠨ ᠢ ᠲᠣᠳᠣᠷᠬᠠᠶᠢᠯᠠᠨ ᠥᠭᠦᠯᠡᠪᠡ᠃ ᠲᠤᠰᠬᠠᠶ ᠪᠣᠯᠪᠠᠰᠤᠷᠠᠭᠤᠯᠤᠯ ᠳᠤ ᠵᠢᠭᠠᠵᠤ ᠭᠠᠷᠭᠠᠭᠰᠠᠨ ᠨᠢ᠂ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠪᠣᠯ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠢᠨ ᠮᠥᠨ ᠴᠢᠨᠠᠷ ᠤᠨ ᠱᠠᠭᠠᠷᠳᠠᠯᠭ᠎ᠠ ᠪᠠ ᠴᠢᠬᠤᠯᠠ ᠪᠠᠲᠤᠯᠠᠭ᠎ᠠ ᠮᠥᠨ᠃ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠪᠣᠯ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ ᠲᠤᠪᠤᠶᠢᠮ᠎ᠠ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠬᠦ ᠲᠤᠯᠭᠠᠮ ᠬᠡᠷᠡᠭᠴᠡᠭᠡ ᠮᠥᠨ᠃      ᠡᠨᠡ ᠤᠳᠠᠭ᠎ᠠ ᠬᠠᠶᠢᠷᠤᠪ ᠤᠨ ᠲᠤᠬᠤᠢ ᠲᠣᠭᠤᠷᠢᠭ ᠲᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠎ ᠶᠢᠨ ᠬᠥᠮᠦᠵᠢᠯ ᠴᠡᠭᠴᠡᠯᠡᠯᠲᠡ ᠶᠢᠨ ᠲᠤᠰᠬᠠᠢ ᠪᠣᠯᠪᠠᠰᠤᠷᠠᠯ ᠥᠷᠨᠢᠭᠦᠯᠵᠦ᠂ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠨᠠᠮ ᠤᠨ ᠰᠠᠬᠢᠯᠭ᠎ᠠ ᠪᠠᠲᠤ ᠨᠠᠮ ᠤᠨ ᠲᠦᠷᠢᠮ ᠲᠣᠭᠲᠠᠭᠠᠯ ᠪᠣᠯᠤᠨ ᠴᠠᠭᠳᠠᠭᠠᠨ ᠤ ᠰᠠᠬᠢᠯᠭ᠎ᠠ ᠴᠠᠭᠳᠠᠭᠠᠨ ᠤ ᠲᠦᠷᠢᠮ ᠢ ᠴᠢᠩᠭ᠎ᠠ ᠰᠠᠬᠢᠬᠤ ᠤᠬᠠᠮᠰᠠᠷᠲᠤ ᠴᠢᠨᠠᠷ ᠢ ᠴᠢᠨᠠᠭᠰᠢᠳᠠ ᠴᠢᠩᠭᠠᠳᠬᠠᠵᠤ᠂ ᠬᠠᠤᠯᠢ ᠴᠠᠭᠠᠵᠠ ᠰᠠᠬᠢᠯᠭ᠎ᠠ ᠪᠠᠲᠤ ᠶᠢᠨ ᠤᠬᠠᠮᠰᠠᠷ᠂ ᠰᠠᠬᠢᠯᠭ᠎ᠠ ᠪᠠᠲᠤ ᠶᠢᠨ ᠤᠬᠠᠮᠰᠠᠷ ᠢ ᠳᠡᠭᠡᠭᠰᠢᠯᠡᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠹᠷᠣᠨᠲ ᠤᠨ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠰᠢᠨ᠎ᠡ ᠠᠷᠭ᠎ᠠ ᠬᠡᠮᠵᠢᠶ᠎ᠡ ᠪᠠᠶᠢᠵᠤ᠂ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠳᠤ ᠴᠢᠬᠤᠯᠠ ᠪᠥᠭᠡᠳ ᠠᠯᠤᠰ ᠬᠡᠳᠤ ᠶᠢᠨ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号