ᠬᠠᠶᠢᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/26
     3 ᠰᠠᠷ᠎ᠠ ᠶᠢᠨ 19 ᠎ ᠤ ᠡᠳᠦᠷ᠂ ᠬᠠᠶᠢᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠯᠢ ᠮᠢᠩ ᠪᠥᠬᠦ ᠲᠤᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠢ ᠴᠡᠭᠴᠡᠯᠡᠬᠦ ᠶᠡᠷᠦᠩᠬᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠪᠠᠶᠢᠳᠠᠯ ᠢ ᠨᠡᠶᠢᠲᠡᠯᠡᠵᠦ᠂  ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠤᠭᠤᠷᠢᠭ ᠤᠨ ᠰᠢᠭᠦᠬᠦ ᠬᠤᠷᠢᠶ᠎ᠠ᠂ ᠲᠤᠭᠤᠷᠢᠭ ᠤᠨ ᠪᠠᠶᠢᠴᠠᠭᠠᠬᠤ ᠬᠤᠷᠢᠶᠠᠨ ᠤ ᠭᠤᠤᠯ ᠬᠠᠷᠢᠭᠤᠴᠠᠯᠭᠠᠲᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃      ᠨᠠᠮ ᠤᠨ ᠲᠥᠪ ᠬᠤᠷᠢᠶ᠎ᠠ ᠪᠣᠯᠤᠨ ᠦᠪᠡᠷᠡᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠦᠬᠠᠢ ᠬᠤᠳᠠ ᠶᠢᠨ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠬᠠᠶᠢᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢ ᠲᠤᠬᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠪᠣᠯᠤᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠪᠦᠬᠦ ᠭᠡᠰᠢᠭᠦᠳ ᠣᠷᠣᠨ ᠲᠤᠭ᠎ᠠ ᠲᠠᠢ ᠠᠵᠢᠯ ᠳᠤ ᠪᠠᠶᠢᠭ᠎ᠠ ᠺᠠᠳ᠋ᠷ ᠴᠠᠭᠳᠠᠭ᠎ᠠ᠂ ᠪᠠᠯᠭᠠᠰᠤ ( ᠵᠡᠭᠡᠯᠢ ᠭᠤᠳᠤᠮᠵᠢ )᠎ ᠶᠢᠨ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ ᠤ ᠳᠤᠮᠳᠠ ᠥᠷᠨᠢᠭᠦᠯᠵᠦ᠂ 2021 ᠣᠨ ᠤ 2 ᠰᠠᠷ᠎ᠠ ᠶᠢᠨ ᠰᠡᠭᠦᠯᠴᠢ ᠠᠴᠠ ᠡᠬᠢᠯᠡᠵᠦ᠂ 6 ᠰᠠᠷ᠎ᠠ ᠶᠢᠨ ᠰᠡᠭᠦᠯᠴᠢ ᠪᠠᠷ ᠦᠨᠳᠦᠰᠦᠨ ᠳᠡᠭᠡᠨ ᠳᠠᠭᠤᠰᠴᠤ᠂ 4 ᠰᠠᠷ᠎ᠠ ᠰᠢᠬᠠᠮ ᠤᠨ ᠬᠤᠭᠤᠴᠠᠭ᠎ᠠ  ᠬᠡᠷᠡᠭᠰᠡᠨ᠎ᠡ᠃      ᠰᠤᠷᠭᠠᠨ ᠬᠥᠮᠦᠵᠢᠭᠦᠯᠵᠦ ᠴᠡᠭᠴᠡᠯᠡᠬᠦ ᠳᠤᠮᠳᠠ᠂ ᠬᠠᠶᠢᠢᠷᠤᠪ ᠤᠨ ᠲᠤᠬᠤᠢ ᠲᠣᠭᠤᠷᠢᠭ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠎ᠠ᠂ ᠦᠬᠠᠶ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠨ᠎ᠠ᠂ 《 ᠲᠠᠪᠤᠨ ᠴᠢᠩᠭ᠎ᠠ 》ᠱᠠᠭᠠᠷᠳᠠᠯᠭ᠎ᠠ ᠶᠢᠨ ᠲᠣᠭᠤᠷᠢᠨ ᠳᠤ᠂《 ᠵᠠᠩᠭᠢᠯᠠᠭ᠎ᠠ ᠶᠢᠨ ᠴᠥᠭᠡᠨ ᠲᠣᠭᠠᠲᠠᠨ 》᠎ ᠢ ᠴᠢᠩᠭ᠎ᠠ ᠠᠳᠬᠤᠬᠤ ᠬᠡᠷᠡᠭᠲᠡᠢ᠂ ᠤᠯᠤᠰ ᠲᠥᠷᠥ ᠶᠢᠨ ᠦᠨᠡᠨᠴᠢ ᠰᠢᠳᠤᠷᠭᠤ ᠪᠠᠶᠢᠬᠤ ᠶᠢ ᠳᠣᠪᠤᠶᠢᠯᠭᠠᠨ᠎ᠠ᠂ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠳᠥᠷᠪᠡᠨ ᠡᠭᠦᠷᠭᠡ᠂ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠨ᠎ᠠ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ᠂ ᠭᠤᠷᠪᠠᠨ ᠭᠤᠭᠴᠤᠭ᠎ᠠ ᠶᠢ ᠳ᠋ᠦᠩᠨᠡᠨ ᠳᠡᠭᠡᠭᠰᠢᠯᠡᠭᠦᠯᠬᠦ᠂ ᠪᠦᠬᠦ ᠲᠠᠯ᠎ᠠ ᠪᠠᠷ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ᠂ ᠢᠯᠵᠠᠷᠠᠯ ᠢ ᠡᠰᠡᠷᠭᠦᠴᠡᠨ ᠴᠠᠭᠳᠠᠭ᠎ᠠ ᠶᠢ ᠬᠦᠴᠦᠷᠬᠡᠭᠵᠢᠭᠦᠯᠬᠦ᠂ ᠬᠤᠪᠢᠰᠬᠠᠯᠵᠢᠯᠲᠠ ᠶᠢ ᠴᠢᠩᠭᠠᠳᠬᠠᠬᠤ᠂ ᠵᠢᠩᠬᠢᠨᠢᠴᠢᠯᠡᠬᠦ᠂ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠣᠷᠭᠠᠨᠢᠭ ᠢᠶᠠᠷ ᠤᠶᠠᠯᠳᠤᠭᠤᠯᠬᠤ ᠬᠡᠷᠡᠭᠲᠡᠶ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠰᠢᠨ᠎ᠡ ᠳᠦᠷᠰᠦ ᠪᠠᠶᠢᠳᠠᠯ ᠪᠠ ᠤᠯᠤᠰ ᠤᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠠᠮᠤᠷ ᠲᠦᠪᠰᠢᠨ᠂ ᠠᠷᠠᠳ ᠲᠦᠮᠡᠨ ᠤ ᠠᠮᠤᠷ ᠠᠮᠤᠭᠤᠯᠠᠩ ᠰᠢᠨ᠎ᠡ ᠠᠮᠵᠢᠯᠲᠠ ᠪᠦᠲᠦᠮᠵᠢ ᠢᠶᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ  ᠪᠡᠯᠡᠭᠡᠯᠡᠶ᠎ᠡ᠃       ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠯᠢ ᠮᠢᠩ᠂ ᠬᠠᠶᠢᠢᠷᠤᠪ ᠤᠨ ᠲᠤᠬᠤᠢ ᠲᠣᠭᠤᠷᠢᠭ ᠦᠵᠡᠯ ᠰᠠᠨᠠᠭᠠᠨ ᠤ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠬᠤ ᠶᠢ ᠪᠠᠷᠢᠮᠲᠠᠯᠠᠵᠤ᠂ 《 ᠬᠠᠷᠢᠴᠠᠯᠠᠰᠢᠭᠦᠢ ᠦᠨᠡᠨᠴᠢ ᠰᠢᠳᠤᠷᠭᠤ᠂ ᠬᠠᠷᠢᠴᠠᠯᠠᠰᠢᠭᠦᠢ ᠠᠷᠢᠭᠤᠨ ᠴᠡᠪᠡᠷ᠂ ᠬᠠᠷᠢᠴᠠᠯᠠᠰᠢᠭᠦᠢ ᠨᠠᠶᠢᠳᠠᠪᠤᠷᠢᠲᠠᠢ 》 ᠪᠠᠶᠢᠬᠤ ᠡᠨᠡ ᠬᠦ ᠦᠨᠳᠦᠰᠦᠨ ᠱᠠᠭᠠᠷᠳᠠᠯᠭ᠎ᠠ ᠶᠢ ᠴᠢᠩᠭ᠎ᠠ ᠡᠵᠡᠮᠳᠡᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠦᠨᠡᠨᠴᠢ ᠰᠢᠳᠤᠷᠭᠤ ᠶᠢᠨ ᠰᠠᠭᠤᠷᠢ ᠶᠢ ᠬᠦᠴᠦᠯᠡᠨ ᠪᠠᠬᠢᠵᠢᠭᠦᠯᠦᠨ᠎ᠡ ᠭᠡᠵᠦ ᠵᠢᠭᠠᠵᠤ ᠭᠠᠷᠭᠠᠪᠠ᠃ ᠬᠤᠷᠢᠭᠠᠲᠤ ᠣᠷᠣᠨ ᠦᠭᠡᠢ᠂ ᠪᠦᠬᠦᠨ ᠢ ᠬᠠᠮᠤᠷᠬᠤ᠂ ᠤᠭ᠍ᠳᠤ ᠠᠭᠤᠴᠢᠯᠠᠬᠤ ᠦᠭᠡᠢ ᠪᠠᠶᠢᠬᠤ ᠶᠢ ᠪᠠᠷᠢᠮᠲᠠᠯᠠᠵᠤ᠂  ᠥᠨᠳᠥᠷ ᠳᠠᠷᠤᠯᠲᠠ ᠦᠵᠡᠭᠦᠯᠬᠦ᠂ ᠤᠷᠳᠤ ᠬᠤᠭᠤᠴᠠᠭ᠎ᠠ ᠪᠠᠷ ᠰᠦᠷᠳᠡᠭᠦᠯᠬᠦ ᠶᠢ ᠪᠠᠷᠢᠮᠲᠠᠯᠠᠵᠤ᠂ ᠤᠯᠠᠨ ᠢ ᠲᠦᠢᠪᠡᠭᠡᠭᠴᠢᠳ ᠢ ᠪᠦᠬᠦ ᠲᠠᠯ᠎ᠠ ᠪᠠᠷ ᠲᠦᠢᠯᠪᠤᠷᠢᠲᠠᠢ ᠠᠷᠢᠯᠭᠠᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠨ᠎ᠠ᠃ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ ᠶᠢ ᠨᠥᠯᠥᠭᠡᠯᠡᠬᠦ 《 ᠲᠤᠯᠤᠭᠠᠨ ᠶᠡᠭᠡ ᠠᠷᠬᠠᠭ 》᠎ ᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ᠂ ᠬᠠᠤᠯᠢ ᠬᠡᠷᠡᠭᠵᠢᠭᠦᠯᠦᠯᠲᠡ ᠬᠠᠤᠯᠢ ᠪᠠᠷᠢᠯᠲᠠ ᠶᠢᠨ ᠬᠢᠨᠠᠯᠲᠠ ᠲᠠᠯᠪᠢᠬᠤ ᠲᠣᠭᠲᠠᠴᠠ᠂ ᠺᠠᠳ᠋ᠷ ᠴᠠᠭᠳᠠᠭ᠎ᠠ ᠶᠢᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠲᠣᠭᠲᠠᠴᠠ ᠶᠢ ᠲᠠᠰᠤᠷᠠᠯᠳᠠ ᠦᠭᠡᠢ ᠪᠦᠷᠢᠨᠰᠢᠬᠦᠯᠤᠨ᠂ ᠬᠥᠮᠦᠵᠢᠯ ᠴᠡᠭᠴᠡᠯᠡᠯᠲᠡ ᠶᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠠᠷ ᠬᠦᠴᠦᠨ ᠲᠠᠢ ᠪᠣᠯᠭᠠᠬᠤ ᠶᠢ ᠲᠦᠯᠬᠢᠨ  ᠠᠬᠢᠭᠤᠯᠤᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号