ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠬᠠᠶᠢᠷᠤᠪ ᠤᠨ ᠲᠣᠬᠤᠶ ᠲᠣᠭᠤᠷᠢᠭ ᠤᠨ ᠨᠠᠶᠮᠠᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯ ᠳᠤ ᠣᠷᠣᠯᠴᠠᠭᠰᠠᠨ ᠤᠯᠤᠰ ᠲᠥᠷᠥ ᠎ ᠶᠢᠨ ᠵᠥᠪᠯᠡᠯᠭᠡᠨ ᠤ ᠭᠡᠰᠢᠭᠦᠳ ᠤᠯᠤᠰ ᠲᠥᠷᠥ ᠶᠢᠨ ᠵᠥᠪᠯᠡᠯᠭᠡᠨ ᠤ ᠮᠡᠳᠡᠭᠦᠯᠦᠯᠲᠡ ᠶᠢ ᠬᠠᠯᠠᠭᠤᠨ ᠢᠶᠠᠷ ᠶᠠᠷᠢᠯᠴᠠᠪᠠ
ᠨᠡᠶᠢᠲᠡᠯᠡᠭᠰᠡᠨ ᠴᠠᠭ᠄
2021/3/26
     ᠣᠯᠠᠨ ᠤ ᠠᠩᠬᠠᠷᠤᠯ ᠢ ᠲᠠᠲᠠᠭᠰᠠᠨ ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠬᠠᠶᠢᠷᠤᠪ ᠎ ᠤᠨ ᠲᠣᠬᠤᠶ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ 3 ᠰᠠᠷ᠎ᠠ ᠎ ᠶᠢᠨ 24᠎ ᠤ ᠡᠳᠦᠷ ᠦᠪᠡᠳᠡᠭᠰᠢ ᠶᠡᠭᠡ ᠪᠠᠷ ᠡᠬᠢᠯᠡᠪᠡ᠃ ᠲᠤᠰ ᠤᠳᠠᠭ᠎ᠠ ᠶᠢᠨ ᠬᠤᠷᠠᠯ ᠳᠤ ᠣᠷᠣᠯᠴᠠᠭᠰᠠᠨ ᠭᠡᠰᠢᠭᠦᠳ ᠡᠯ᠎ᠡ ᠬᠤᠪᠢᠶᠠᠷᠢ ᠬᠤᠷᠠᠯ ᠤᠨ ᠲᠠᠯᠠᠪᠠᠢ ᠳᠤ《 ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠠᠶᠢᠷᠤᠪ ᠎ ᠤᠨ ᠲᠤᠬᠤᠢ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ 》᠎ ᠶᠢ ᠳᠤᠭᠤᠶᠢᠯᠠᠩ ᠬᠤᠪᠢᠶᠠᠨ ᠶᠠᠷᠢᠯᠴᠠᠪᠠ᠃      ᠡᠯ᠎ᠡ ᠬᠤᠪᠢᠶᠠᠷᠢ ᠬᠤᠷᠠᠯ ᠤᠨ ᠲᠠᠯᠠᠪᠠᠶ ᠬᠥᠷ ᠬᠥᠭᠵᠢᠶᠡᠨ ᠢᠶᠠᠷ ᠪᠢᠯᠬᠠᠵᠤ᠂ ᠭᠡᠰᠢᠭᠦᠳ ᠥᠪᠡᠷ ᠥᠪᠡᠷ ᠤᠨ ᠦᠵᠡᠯᠲᠡ ᠪᠠᠨ ᠶᠠᠷᠢᠵᠤ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃ ᠤᠯᠠᠨ ᠎ ᠢᠶᠠᠷ ᠢᠶᠠᠨ᠂ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠤᠯᠤᠰ ᠲᠦᠷᠦ ᠶᠢᠨ ᠵᠣᠭᠰᠣᠴᠠ ᠥᠨᠳᠥᠷ᠂ ᠬᠠᠷᠠᠯᠲᠠ ᠲᠣᠳᠣᠷᠬᠠᠢ᠂ ᠠᠭᠤᠯᠭ᠎ᠠ ᠨᠠᠷᠢᠯᠢᠭ ᠠᠪᠰᠠᠷᠬᠠᠨ ᠪᠠᠶᠢᠵᠤ᠂ 2020 ᠣᠨ ᠤ ᠠᠵᠢᠯ ᠳᠤ ᠪᠦᠬᠦ ᠲᠠᠯ᠎ᠠ ᠶᠢᠨ ᠪᠤᠰᠤᠳᠴᠢ᠂ ᠦᠨᠡᠨ ᠎ ᠠᠴᠠ ᠵᠥᠪ ᠢ ᠡᠷᠢᠬᠦ ᠵᠠᠳᠠᠯᠤᠯᠲᠠ ᠬᠢᠪᠡ᠃ᠡᠭᠦᠨ ᠤ ᠬᠠᠮᠲᠤ᠂ 2021 ᠣᠨ ᠤ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢᠨ ᠰᠡᠳᠬᠢᠴᠡ ᠲᠣᠳᠣᠷᠬᠠᠢ᠂ ᠪᠠᠶᠢᠷᠢ ᠲᠣᠭᠲᠠᠭᠠᠯᠲᠠ ᠣᠨᠣᠪᠴᠢᠲᠠᠢ᠂ ᠮᠠᠰᠢ ᠴᠢᠩᠭ᠎ᠠ ᠠᠯᠤᠰ ᠬᠡᠳᠤ ᠶᠢᠨ ᠴᠢᠨᠠᠷᠲᠠᠢ ᠭᠡᠵᠦ ᠦᠵᠡᠪᠡ᠃       ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠭᠦᠸᠧ ᠵᠧᠨ ᠠᠶ᠄《 ᠦᠳᠡ ᠶᠢᠨ ᠡᠮᠦᠨ᠎ᠡ 2020 ᠣᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠤᠭᠠᠳ ᠭᠦᠨ ᠲᠥᠷᠥᠭᠳᠡᠯ ᠲᠠᠢ ᠪᠣᠯᠤᠭᠰᠠᠨ ᠪᠥᠭᠡᠳ ᠥᠩᠭᠡᠷᠡᠭᠰᠡᠨ ᠨᠢᠭᠡ ᠵᠢᠯ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠎ ᠤᠨ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠳᠡᠭᠡᠨ ᠣᠮᠣᠭᠰᠢᠵᠤ ᠪᠠᠶᠢᠨ᠎ᠠ᠃ ᠢᠯᠡᠳᠬᠡᠯ ᠨᠢ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠣᠨᠣᠪᠴᠢᠲᠠᠢ ᠪᠥᠭᠡᠳ ᠦᠨᠡᠨ ᠪᠣᠳᠠᠲᠠᠢ᠂ ᠪᠤᠰᠤᠳᠴᠢ ᠪᠥᠭᠡᠳ ᠨᠠᠷᠢᠨ ᠪᠣᠳᠠᠲᠠᠢ ᠪᠠᠶᠢᠵᠤ᠂ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠡᠷᠭᠢᠴᠡᠭᠦᠯᠦᠨ ᠳ᠋ᠦᠩᠨᠡᠵᠦ᠂ ᠳᠠᠷᠠᠭ᠎ᠠ ᠵᠢᠯ ᠤᠨ ᠠᠵᠢᠯ ᠳᠠᠭᠠᠨ ᠬᠠᠷᠠᠯᠲᠠ ᠪᠠ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠥᠩᠭᠡᠷᠡᠭᠰᠡᠨ ᠨᠢᠭᠡ ᠵᠢᠯ ᠳᠤ᠂ ᠬᠠᠶᠢᠷᠤᠪ ᠎ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠨᠠᠷᠢᠨ ᠬᠢᠨᠠᠮᠠᠭᠠᠢ ᠬᠠᠷᠢᠭᠤᠴᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠰᠡᠳᠬᠢᠴᠡ ᠲᠣᠳᠣᠷᠬᠠᠢ᠂ ᠬᠠᠷᠠᠯᠲᠠ ᠲᠣᠳᠣᠷᠬᠠᠢ ᠪᠠᠶᠢᠵᠤ᠂ ᠬᠠᠶᠢᠷᠤᠪ ᠤᠨ ᠲᠤᠬᠤᠢ ᠲᠣᠭᠤᠷᠢᠭ ᠤᠨ ᠪᠤᠢ ᠪᠦᠬᠦᠢ ᠤᠯᠤᠰ ᠲᠦᠷᠦ ᠶᠢᠨ ᠵᠥᠪᠯᠡᠯᠭᠡᠨ ᠤ ᠬᠥᠮᠦᠰ ᠭᠤᠣᠯᠳᠠᠯᠭ᠎ᠠ ᠶᠢᠨ ᠲᠣᠭᠤᠷᠢᠨ ᠳᠤ᠂ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠪᠠᠶᠢᠷᠢ ᠪᠠᠨ ᠣᠨᠣᠪᠴᠢᠲᠠᠢ ᠣᠯᠵᠤ᠂ ᠦᠷᠳᠡᠭ ᠢ ᠢᠯᠡᠷᠡᠭᠦᠯᠵᠦ᠂ ᠪᠠᠶᠢᠴᠠᠭᠠᠨ ᠰᠤᠳᠤᠯᠤᠯᠲᠠ ᠬᠢᠵᠦ᠂ ᠠᠷᠭ᠎ᠠ ᠤᠬᠠᠭᠠᠨ ᠭᠠᠷᠭᠠᠬᠤ ᠪᠠ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠢ ᠨᠢᠭᠡ ᠰᠡᠳᠬᠢᠯ ᠨᠢᠭᠡ ᠴᠢᠭᠯᠡᠯ ᠲᠠᠢ ᠪᠣᠯᠭᠠᠵᠤ᠂ ᠰᠢᠨ᠎ᠡ ᠶᠢ ᠡᠭᠦᠳᠬᠦ ᠮᠥᠷᠲᠡᠭᠡᠨ ᠪᠠᠰᠠ ᠪᠣᠳᠠᠲᠠᠢ ᠳᠤ ᠨᠠᠶᠢᠳᠠᠪᠤᠷᠢᠵᠢᠭᠤᠯᠵᠤ᠂ ᠢᠯᠠᠩᠭᠤᠶ᠎ᠠ ᠤᠯᠠᠨ ᠲᠦᠮᠡᠨ ᠤ ᠠᠮᠢᠳᠤᠷᠠᠯ ᠤᠨ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠳᠤ᠂ ᠠᠷᠠᠳ ᠤᠨ ᠤᠶᠤᠨ ᠤᠬᠠᠭᠠᠨ ᠢ ᠨᠢᠭᠲᠠᠷᠠᠭᠤᠯᠬᠤ᠂ ᠰᠠᠶᠢᠨ ᠠᠷᠭ᠎ᠠ ᠪᠤᠳᠤᠯᠭ᠎ᠠ ᠭᠠᠷᠭᠠᠬᠤ᠂ ᠰᠠᠨᠠᠯ ᠰᠠᠨᠠᠭᠤᠯᠭ᠎ᠠ ᠳᠤᠷᠠᠳᠬᠤ ᠳᠤ ᠠᠷᠭ᠎ᠠ ᠤᠬᠠᠭᠠᠨ ᠭᠠᠷᠭᠠᠬᠤ᠂ ᠲᠦᠷᠦ ᠶᠢᠨ ᠶᠠᠪᠤᠳᠠᠯ ᠢ ᠵᠥᠪᠯᠡᠬᠦ ᠳᠤ ᠵᠠᠩᠭᠢᠯᠠᠭ᠎ᠠ ᠶᠢᠨ ᠭᠠᠵᠠᠷ ᠲᠤ ᠬᠦᠷᠴᠦ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠵᠦᠢᠯ ᠤᠨ ᠠᠵᠢᠯ ᠢ ᠠᠬᠢᠭᠤᠯᠬᠤ ᠤᠶᠢᠯᠡᠳᠤᠯ ᠦᠵᠡᠭᠦᠯᠪᠡ᠃ 》      ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠵᠠᠢ ᠰᠧ ᠢᠦ᠋ᠢ᠄ 《 ᠡᠨᠡ ᠬᠦ ᠢᠯᠡᠳᠬᠡᠯ ᠨᠢ ᠤᠯᠤᠰ ᠲᠦᠷᠦ ᠶᠢᠨ ᠵᠥᠪᠯᠡᠯᠭᠡᠨ ᠤ ᠨᠢᠭᠡ ᠵᠢᠯ ᠤᠨ ᠲᠤᠷᠰᠢᠬᠢ ᠨᠠᠷᠢᠨ ᠬᠢᠨᠠᠮᠠᠭᠠᠢ ᠠᠵᠢᠯ ᠢᠶᠠᠨ ᠢᠯᠡᠷᠡᠭᠦᠯᠦᠭᠰᠡᠨ ᠪᠥᠭᠡᠳ ᠤᠯᠤᠰ ᠲᠦᠷᠦ ᠶᠢᠨ ᠵᠥᠪᠯᠡᠯᠭᠡᠨ ᠵᠢᠯ ᠵᠢᠯ ᠰᠢᠨ᠎ᠡ ᠰᠠᠨᠠᠭ᠎ᠠ ᠲᠠᠢ᠂ ᠵᠢᠯ ᠵᠢᠯ ᠰᠢᠨ᠎ᠡ ᠶᠢ ᠡᠭᠦᠳᠴᠦ ᠪᠠᠶᠢᠨ᠎ᠠ᠃ ᠢᠯᠡᠳᠬᠡᠯ ᠢᠶᠠᠷ ᠳᠠᠮᠵᠢᠭᠤᠯᠤᠨ 2020 ᠣᠨ ᠤ ᠠᠵᠢᠯ ᠢᠶᠠᠨ ᠡᠷᠭᠢᠴᠡᠭᠦᠯᠪᠡ᠃ ᠨᠢᠳᠤᠨᠤᠨ ᠤ ᠬᠢᠵᠢᠭ ᠢ ᠰᠡᠷᠭᠡᠶᠢᠯᠡᠭᠰᠡᠨ ᠣᠬᠤᠷᠬᠠᠨ ᠬᠡᠳᠦᠨ ᠰᠠᠷ᠎ᠠ ᠶᠢᠨ ᠳᠣᠲᠣᠷ᠎ᠠ᠂ ᠤᠯᠤᠰ ᠲᠦᠷᠦ ᠶᠢᠨ ᠵᠥᠪᠯᠡᠯᠭᠡᠨ ᠠᠴᠠ ᠡᠶᠢᠮᠦ ᠠᠷᠪᠢᠨ ᠠᠵᠢᠯ ᠬᠢᠭᠰᠡᠨ ᠳᠤ ᠦᠨᠡᠬᠡᠷ ᠶᠡᠭᠡ ᠪᠠᠶᠠᠷᠯᠠᠵᠤ ᠪᠠᠶᠢᠨ᠎ᠠ᠃ ᠢᠯᠡᠳᠬᠡᠯ ᠳᠤ ᠳᠤᠷᠠᠳᠤᠭᠰᠠᠨ 〈 ᠠᠷᠠᠳ ᠲᠦᠮᠡᠨ ᠳᠤ ᠦᠢᠯᠡᠴᠢᠯᠡᠨ᠎ᠡ 〉 ᠭᠡᠳᠡᠭ ᠨᠢ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠨᠢ ᠨᠢᠭᠡ ᠰᠡᠳᠬᠢᠯ ᠨᠢᠭᠡ ᠵᠣᠷᠢᠭ ᠢᠶᠠᠷ ᠠᠷᠠᠳ ᠲᠦᠮᠡᠨ ᠳᠤ ᠦᠢᠯᠡᠴᠢᠯᠡᠵᠦ᠂ ᠤᠭ ᠰᠠᠨᠠᠭ᠎ᠠ ᠎ ᠪᠠᠨ ᠦᠯᠦ ᠮᠠᠷᠲᠠᠵᠤ ᠪᠠᠶᠢᠬᠤ ᠶᠢ ᠭᠡᠷᠡᠴᠢᠯᠡᠪᠡ᠃ 》      ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠄ 《 ᠨᠢᠳᠤᠨᠤᠨ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠰᠠᠮᠠᠭᠤᠷᠠᠭᠰᠠᠨ ᠨᠢᠭᠡ ᠵᠢᠯ ᠮᠥᠨ᠂ ᠤᠯᠤᠰ ᠲᠥᠷᠥ ᠶᠢᠨ ᠵᠥᠪᠯᠡᠯᠭᠡᠨ ᠤ ᠠᠵᠢᠯ ᠴᠤ ᠮᠠᠰᠢ ᠬᠦᠴᠢᠷᠲᠡᠶ ᠶᠤᠮ᠂ ᠲᠡᠷᠡ ᠮᠥᠷᠲᠡᠭᠡᠨ ᠤᠯᠤᠰ ᠲᠥᠷᠥ ᠶᠢᠨ ᠵᠥᠪᠯᠡᠯᠭᠡᠨ ᠤ ᠨᠢᠭᠡ ᠵᠢᠯ ᠤᠨ ᠲᠤᠷᠰᠢᠬᠢ ᠠᠵᠢᠯ ᠨᠢᠭᠡᠪᠦᠷᠢ ᠴᠥᠮ ᠣᠷᠣᠨ ᠪᠠᠶᠢᠷᠢ ᠳᠠᠭᠠᠨ ᠬᠦᠷᠴᠦ ᠴᠢᠳᠠᠭᠰᠠᠨ ᠪᠠᠶᠢᠨ᠎ᠠ᠂ ᠢᠯᠠᠩᠭᠤᠶ᠎ᠠ ᠰᠠᠨᠠᠯ ᠳᠤᠷᠠᠳᠤᠯᠭ᠎ᠠ ᠳᠤ ᠲᠠᠯᠪᠢᠭᠰᠠᠨ ᠱᠠᠭᠠᠷᠳᠠᠯᠭ᠎ᠠ᠂ ᠳᠠᠭᠠᠭᠠᠨ ᠠᠪᠴᠤ ᠰᠢᠶᠳᠪᠦᠷᠢᠯᠡᠬᠦ ᠰᠠᠯᠠᠭ᠎ᠠ ᠮᠥᠴᠢᠷ ᠤᠨ ᠰᠢᠶᠳᠪᠦᠷᠢᠯᠡᠵᠦ ᠬᠠᠷᠢᠭᠤᠯᠲᠠ ᠥᠭᠭᠦᠭᠰᠡᠨ ᠨᠣᠷᠮ᠎ᠠ 100 %᠎ ᠳᠤ ᠬᠦᠷᠴᠦ᠂ ᠭᠡᠰᠢᠭᠦᠳ ᠤᠨ ᠰᠡᠳᠬᠢᠯ ᠬᠠᠨᠤᠮᠵᠢᠲᠠᠶ ᠪᠠᠶᠢᠬᠤ ᠨᠣᠷᠮ᠎ᠠ ᠪᠠ ᠦᠨᠳᠦᠰᠦᠨ ᠎ ᠳᠡᠭᠡᠨ ᠰᠡᠳᠬᠢᠯ ᠬᠠᠨᠤᠮᠵᠢᠲᠠᠶ ᠪᠠᠶᠢᠬᠤ ᠨᠣᠷᠮ᠎ᠠ ᠴᠥᠮ 100 %᠎ ᠳᠤ ᠬᠦᠷᠴᠡᠶ᠂ ᠡᠨᠡ ᠨᠢ ᠣᠯᠳᠠᠬᠤᠶ᠎ᠠ ᠪᠡᠷᠬᠡ ᠶᠤᠮ᠂ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠮᠠᠰᠢ ᠪᠣᠳᠠᠲᠠᠶ ᠬᠢᠭᠰᠡᠨ ᠭᠡᠳᠡᠭ ᠢ ᠴᠦ ᠭᠦᠶᠴᠡᠳ ᠭᠡᠷᠡᠴᠢᠯᠡᠪᠡ᠃ ᠲᠡᠷᠡ ᠮᠥᠷᠲᠡᠭᠡᠨ ᠡᠨᠡ ᠵᠢᠯ ᠤᠨ ᠠᠵᠢᠯ ᠤᠨ ᠲᠥᠯᠥᠪᠵᠢᠭᠦᠯᠭᠡ ᠳᠤ ᠪᠠᠰᠠ ᠡᠳᠦᠢ ᠲᠡᠳᠦᠢ ᠰᠢᠨ᠎ᠡ ᠰᠢᠨ᠎ᠡ ᠡᠭᠦᠳᠦᠯᠲᠡ ᠲᠠᠢ ᠪᠣᠯᠵᠠᠢ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠵᠥᠪᠯᠡᠯᠭᠡ᠂ ᠠᠯᠤᠰ ᠠᠴᠠ ᠵᠥᠪᠯᠡᠬᠦ ᠪᠠ ᠰᠦᠯᠵᠢᠶ᠎ᠡ ᠪᠠᠷ ᠵᠠᠰᠠᠭ ᠤᠨ ᠶᠠᠪᠤᠳᠠᠯ ᠢ ᠵᠥᠪᠯᠡᠬᠦ ᠲᠠᠯ᠎ᠠ ᠪᠠᠷ ᠪᠠᠰᠠ ᠵᠥᠪ ᠲᠠᠪᠴᠠᠩ ᠢ ᠬᠡᠷᠡᠭᠯᠡᠬᠦ ᠡᠷᠴᠢᠮ ᠢᠶᠠᠨ ᠴᠢᠩᠭᠠᠷᠠᠭᠤᠯᠵᠤ᠂ ᠠᠷᠠᠳᠴᠢᠯᠠᠯ ᠢᠶᠠᠷ ᠵᠥᠪᠯᠡᠬᠦ ᠠᠷᠭ᠎ᠠ ᠵᠠᠮ ᠢ ᠭᠦᠢᠴᠡᠳ ᠨᠡᠪᠲᠡᠷᠡᠭᠦᠯᠪᠡ᠂ ᠡᠨᠡ ᠪᠣᠯ ᠮᠠᠰᠢ ᠰᠠᠶᠢᠨ ᠶᠠᠪᠤᠳᠠᠯ ᠮᠥᠨ᠂ ᠪᠠᠰᠠ ᠴᠤ ᠮᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠡᠳᠬᠢᠯ ᠤᠨ ᠳᠠᠭᠤᠨ ᠮᠥᠨ᠃ 》      ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠶᠠᠩ ᠯᠧ᠄ 《 ᠢᠯᠡᠳᠬᠡᠯ ᠨᠢ ᠪᠦᠬᠦ ᠲᠠᠯ᠎ᠠ ᠪᠠᠷ ᠪᠤᠰᠤᠳᠴᠢ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠦᠭᠡ ᠦᠰᠦᠭ ᠪᠣᠯᠭᠠᠨ ᠳᠤ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠭᠤᠣᠯ ᠴᠢᠬᠤᠯᠠ ᠠᠭᠤᠯᠭ᠎ᠠ ᠶᠢ ᠢᠯᠡᠷᠡᠭᠦᠯᠪᠡ᠃ ᠮᠡᠳᠡᠭᠦᠯᠦᠯᠲᠡ ᠨᠢ ᠲᠠᠪᠤᠨ ᠲᠠᠯ᠎ᠠ ᠠᠴᠠ ᠪᠣᠳᠠᠲᠠᠶ ᠶᠢ ᠡᠷᠬᠢᠮᠯᠡᠨ ᠥᠩᠭᠡᠷᠡᠭᠰᠡᠨ ᠨᠢᠭᠡ ᠵᠢᠯ ᠤᠨ ᠠᠵᠢᠯ ᠢ ᠲᠤᠰᠬᠠᠵᠤ᠂ ᠭᠤᠤᠯ ᠠᠵᠢᠯ ᠤᠨ ᠲᠣᠭᠤᠷᠢᠨ ᠳᠤ᠂ ᠶᠡᠭᠡ ᠲᠠᠯ᠎ᠠ ᠳᠤ ᠦᠶᠯᠡᠴᠢᠯᠡᠬᠦ᠂ ᠦᠵᠡᠯ ᠰᠠᠨᠠᠭ᠎ᠠ ᠤᠯᠤᠰ ᠲᠥᠷᠥ ᠪᠠᠷ ᠬᠥᠲᠥᠯᠥᠨ ᠳᠠᠭᠠᠭᠤᠯᠬᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ᠂ ᠵᠥᠪᠯᠡᠬᠦ ᠠᠷᠠᠳᠴᠢᠯᠠᠯ᠂ ᠰᠠᠨᠠᠯ ᠰᠠᠨᠠᠭᠤᠯᠭ᠎ᠠ ᠳᠤᠷᠠᠳᠤᠨ ᠦᠶᠯᠡᠳᠦᠯᠭᠡᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠡᠷᠭᠡ ᠡᠯ᠎ᠡ ᠲᠠᠯ᠎ᠠ ᠪᠠᠷ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠭᠰᠡᠨ ᠦᠷ᠎ᠡ ᠪᠦᠲᠦᠮᠵᠢ ᠤᠯᠪᠠ᠃ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠦᠶᠯᠡᠳᠦᠯᠭᠡ ᠪᠠᠷ ᠳᠠᠮᠵᠢᠭᠤᠯᠤᠨ᠂ ᠳᠥᠷᠪᠡᠨ 〈 ᠤᠯᠠᠮ ᠨᠢᠭᠡ ᠠᠯᠬᠤᠮ 〉᠎ ᠢᠶᠠᠷ ᠤᠯᠤᠰ ᠲᠥᠷᠥ ᠶᠢᠨ ᠵᠥᠪᠯᠡᠯᠭᠡᠨ ᠤ ᠠᠵᠢᠯ ᠳᠤ ᠣᠷᠣᠰᠢᠵᠤ ᠪᠠᠶᠢᠭ᠎ᠠ ᠪᠠᠭᠤᠷᠠᠶ ᠭᠤᠭᠴᠤᠭ᠎ᠠ᠂ ᠢᠯᠠᠩᠭᠤᠶ᠎ᠠ 2021 ᠣᠨ ᠤ ᠠᠵᠢᠯ ᠤᠨ ᠪᠠᠶᠢᠷᠢᠯᠠᠭᠤᠯᠤᠯᠲᠠ ᠶᠢ ᠳᠤᠷᠠᠳᠤᠨ ᠭᠠᠷᠭᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠴᠢᠭᠯᠡᠯ᠂ ᠰᠢᠨ᠎ᠡ ᠡᠭᠦᠷᠭᠡ᠂ ᠰᠢᠨ᠎ᠡ ᠬᠠᠷᠠᠯᠲᠠ ᠶᠢ ᠣᠨᠣᠪᠴᠢᠲᠠᠶ ᠡᠵᠡᠮᠰᠢᠪᠡ᠃ 》      ᠭᠡᠰᠢᠭᠦᠳ᠂ ᠬᠤᠶᠢᠰᠢᠳᠠ ᠶᠢᠨ ᠠᠵᠢᠯ ᠤᠨ ᠳᠤᠮᠳᠠ᠂ ᠭᠤᠣᠯᠳᠠᠯᠭ᠎ᠠ ᠶᠢᠨ ᠲᠣᠭᠤᠷᠢᠨ ᠳᠤ᠂ ᠪᠦᠬᠦ ᠬᠦᠴᠦᠨ ᠎ ᠢᠶᠠᠷ ᠢᠶᠠᠨ ᠶᠡᠭᠡ ᠲᠠᠯ᠎ᠠ ᠳᠤ ᠦᠢᠯᠡᠴᠢᠯᠡᠵᠦ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠰᠠᠶᠢᠨ ᠠᠷᠭ᠎ᠠ ᠪᠤᠳᠤᠯᠭ᠎ᠠ ᠰᠦᠪᠡᠭᠴᠢᠯᠡᠵᠦ᠂ ᠪᠣᠳᠠᠲᠠᠢ ᠠᠷᠭ᠎ᠠ ᠭᠠᠷᠭᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号