ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠬᠠᠶᠢᠷᠤᠪ ᠤᠨ ᠲᠣᠬᠤᠶ ᠲᠣᠭᠤᠷᠢᠭ ᠤᠨ ᠨᠠᠶᠮᠠᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2021/3/26
     3 ᠰᠠᠷ᠎ᠠ ᠶᠢᠨ 24᠎ ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠬᠠᠶᠢᠷᠤᠪ ᠤᠨ ᠲᠣᠬᠤᠶ ᠲᠣᠭᠤᠷᠢᠭ ᠤᠨ ᠨᠠᠶᠮᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠦᠪᠡᠳᠡᠭᠰᠢ ᠶᠡᠭᠡ ᠪᠠᠷ ᠡᠬᠢᠯᠡᠪᠡ᠃ ᠬᠤᠷᠠᠯ ᠠᠴᠠ ᠥᠩᠭᠡᠷᠡᠭᠰᠡᠨ ᠨᠢᠭᠡ ᠵᠢᠯ ᠤᠨ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠎ ᠶᠢᠨ ᠵᠥᠪᠯᠡᠯᠭᠡᠨ ᠤ ᠠᠵᠢᠯ ᠤᠨ ᠣᠯᠤᠭᠰᠠᠨ ᠦᠷ᠎ᠡ ᠪᠦᠲᠦᠭᠡᠯ ᠢ ᠪᠦᠬᠦ ᠲᠠᠯ᠎ᠠ ᠪᠠᠷ ᠳ᠋ᠦᠩᠨᠡᠨ ᠡᠷᠭᠢᠴᠡᠭᠦᠯᠬᠦ ᠶᠢᠨ ᠬᠠᠮᠲᠤ 2021 ᠣᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
     2020 ᠣᠨ ᠪᠣᠯ《 ᠠᠷᠪᠠᠨ ᠭᠤᠷᠪᠠᠳᠤᠭᠠᠷ ᠲᠠᠪᠤᠨ ᠵᠢᠯ 》᠎ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠂ ᠪᠠᠰᠠ ᠴᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠵᠢᠴᠢ ᠲᠡᠭᠦᠨ ᠤ ᠪᠠᠶᠢᠩᠭᠤ ᠎ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃ ᠤᠯᠤᠰ ᠲᠦᠷᠦ ᠪᠠᠷ ᠬᠦᠲᠦᠯᠦᠨ ᠳᠠᠭᠠᠭᠤᠯᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠵᠥᠪ ᠬᠥᠭᠵᠢᠯᠲᠡ ᠶᠢᠨ ᠴᠢᠭᠯᠡᠯ ᠎ ᠢ ᠪᠠᠲᠤ ᠡᠵᠡᠮᠳᠡᠪᠡ᠃ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂  ᠲᠤᠭᠤᠷᠢᠭ ᠎ ᠤᠨ ᠨᠠᠮ ᠤᠨ ᠬᠤᠷᠢᠶᠠᠨ ᠤ ᠭᠤᠣᠯ ᠶᠡᠭᠡ ᠲᠠᠯ᠎ᠠ ᠶᠢᠨ ᠲᠣᠭᠤᠷᠢᠨ ᠳᠤ ᠵᠥᠪᠯᠡᠯᠭᠡ ᠬᠢᠵᠦ ᠲᠦᠷᠦ ᠶᠢᠨ ᠶᠠᠪᠤᠳᠠᠯ ᠢ ᠵᠥᠪᠯᠡᠪᠡ᠃ ᠤᠯᠤᠰ ᠲᠥᠷᠥ ᠶᠢᠨ ᠵᠥᠪᠯᠡᠯᠭᠡᠨ ᠤ ᠣᠭ ᠰᠠᠨᠠᠭ᠎ᠠ ᠪᠠᠨ ᠪᠠᠲᠤ ᠰᠠᠬᠢᠵᠤ᠂ ᠠᠷᠠᠳ ᠤᠨ ᠠᠮᠢᠳᠤᠷᠠᠯ ᠎ ᠤᠨ ᠠᠵᠠ ᠵᠢᠷᠭᠠᠯ ᠢ ᠡᠷᠡᠰ ᠭᠤᠶᠢᠪᠢᠰᠢ ᠥᠬᠡᠶ ᠨᠡᠮᠡᠭᠳᠡᠭᠦᠯᠪᠡ᠃ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠤᠨ᠎ᠠ᠃ᠰᠠᠭᠤᠷᠢ ᠶᠢ ᠴᠢᠩᠭᠠᠳᠬᠠᠨ ᠦᠨᠳᠦᠰᠦ ᠶᠢ ᠪᠠᠬᠢᠵᠢᠭᠦᠯᠬᠦ ᠪᠠᠷ ᠬᠦᠴᠦᠯᠡᠨ ᠴᠢᠷᠮᠠᠶᠢᠵᠤ᠂ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠭᠤᠣᠯᠴᠢᠯᠠᠨ ᠳᠡᠭᠡᠭᠰᠢᠯᠡᠭᠦᠯᠪᠡ᠃ ᠬᠠᠶᠢᠷᠤᠪ ᠤᠨ ᠲᠤᠬᠤᠢ ᠲᠣᠭᠤᠷᠢᠭ ᠤᠨ ᠭᠤᠣᠯ ᠠᠵᠢᠯ ᠤᠨ ᠲᠣᠭᠤᠷᠢᠨ ᠳᠤ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠢ ᠴᠢᠩᠭ᠎ᠠ ᠲᠦᠰᠢᠭᠯᠡᠨ ᠪᠦᠯᠬᠦᠮᠳᠡᠭᠦᠯᠦᠨ ᠳᠠᠭᠠᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃
     2021 ᠣᠨ ᠪᠣᠯ 《 ᠠᠷᠪᠠᠨ ᠳᠥᠷᠪᠡᠳᠦᠭᠡᠷ ᠲᠠᠪᠤᠨ ᠵᠢᠯ 》᠎ ᠤᠨ ᠲᠥᠯᠥᠪᠵᠢᠭᠦᠯᠭᠡ ᠶᠢ ᠬᠡᠷᠡᠭᠵᠢᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠨ ᠤ ᠵᠢᠯ ᠪᠣᠯᠤᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠎ ᠤᠨ ᠣᠶ ᠪᠣᠯᠤᠨ᠎ᠠ᠃ ᠡᠨᠡ ᠵᠢᠯ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠬᠤᠷᠠᠯ ᠢ ᠪᠥᠬᠦ ᠲᠠᠯ᠎ᠠ ᠪᠠᠷ ᠲᠤᠭᠤᠰᠢᠯᠠᠭᠤᠯᠪᠠ᠂ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ᠂ ᠲᠥᠪ ᠬᠤᠷᠢᠶᠠᠨ ᠤ ᠲᠦᠷᠪᠡᠳᠤᠭᠡᠷ ᠪᠦᠬᠦᠳᠠ ᠬᠤᠷᠠᠯ᠂ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠶ᠎ᠠ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠶ᠎ᠠ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠨ᠎ᠠ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠨ᠎ᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠬᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠨ᠎ᠠ᠂  ᠲᠤᠭᠤᠷᠢᠭ ᠤᠨ ᠨᠠᠮ ᠤᠨ ᠬᠤᠷᠢᠶᠠᠨ ᠤ ᠭᠤᠤᠯ ᠠᠵᠢᠯ ᠤᠨ ᠲᠣᠭᠤᠷᠢᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠤᠡᠭᠡᠨ᠎ᠡ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠦᠨ᠎ᠡ᠂ 《 ᠵᠢᠷᠭᠤᠭ᠎ᠠ ᠶᠢ ᠲᠣᠭᠲᠠᠪᠤᠷᠢᠵᠢᠭᠤᠯᠬᠤ 》ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠂ 《 ᠵᠢᠷᠭᠤᠭ᠎ᠠ ᠶᠢ ᠪᠠᠲᠤᠯᠠᠬᠤ 》ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ ᠶᠢ ᠪᠠᠷᠢᠮᠲᠠᠯᠠᠨ᠎ᠠ᠂ ᠠᠷᠭ᠎ᠠ ᠤᠬᠠᠭᠠᠨ ᠭᠠᠷᠭᠠᠵᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠤᠤᠰ ᠴᠢᠭᠯᠡᠯ ᠢᠶᠠᠷ ᠬᠦᠴᠦᠯᠡᠬᠦ᠂ ᠥᠨᠳᠥᠷ ᠲᠦᠪᠰᠢᠨ ᠢᠶᠠᠷ ᠲᠤᠰᠢᠶᠠᠯ ᠢᠶᠠᠨ ᠭᠦᠢᠴᠡᠳᠬᠡᠬᠦ ᠪᠠᠷ ᠴᠢᠨᠠᠷ ᠰᠠᠶᠢᠲᠠᠢ ᠬᠥᠭᠵᠢᠯᠲᠡ ᠳᠤ ᠤᠶᠢᠯᠡᠴᠢᠯᠡᠶ᠎ᠡ᠃ ᠬᠠᠶᠢᠷᠤᠪ ᠤᠨ ᠲᠤᠬᠤᠢ ᠲᠣᠭᠤᠷᠢᠭ ᠤᠨ 《 ᠠᠷᠪᠠᠨ ᠳᠥᠷᠪᠡᠳᠦᠭᠡᠷ ᠲᠠᠪᠤᠨ ᠵᠢᠯ 》᠎ ᠤᠨ ᠰᠠᠶᠢᠨ ᠡᠬᠢᠯᠡᠯᠲᠡ ᠲᠠᠢ ᠪᠣᠯᠪᠠ᠂ ᠬᠦᠴᠦᠨ ᠴᠢᠳᠠᠯ ᠢ ᠬᠤᠷᠠᠮᠳᠤᠭᠤᠯᠬᠤ᠂ ᠰᠢᠯᠢᠳᠡᠭ ᠬᠢᠷᠢ ᠪᠦᠲᠦᠮᠵᠢ ᠎ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠶ᠎ᠡ᠃      ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠎ ᠤᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠤᠨ ᠵᠥᠪᠯᠡᠬᠦ ᠵᠦᠢᠯ ( ᠲᠥᠰᠦᠯ )᠂ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ᠂ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠃ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠬᠠᠶᠢᠷᠤᠪ ᠤᠨ ᠲᠣᠬᠤᠶ ᠲᠣᠭᠤᠷᠢᠭ ᠤᠨ ᠨᠠᠶᠮᠠᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠠᠴᠠ ᠨᠠᠰᠢᠬᠢ ᠰᠢᠯᠢᠳᠡᠭ ᠭᠡᠰᠢᠭᠦᠨ᠂ ᠰᠢᠯᠢᠳᠡᠭ ᠰᠠᠨᠠᠯ ᠳᠤᠷᠠᠳᠤᠯᠭ᠎ᠠ ᠶᠢ ᠬᠥᠬᠢᠭᠦᠯᠦᠨ ᠰᠠᠶᠢᠰᠢᠶᠠᠪᠠ᠃      5 ᠭᠡᠰᠢᠭᠦᠨ 《 ᠮᠠᠨ ᠤ  ᠲᠤᠭᠤᠷᠢᠭ ᠤᠨ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠬᠡᠬᠦ ᠲᠤᠬᠠᠢ ᠰᠠᠨᠠᠭᠤᠯᠭ᠎ᠠ 》᠂ 《 ᠬᠤᠳᠠᠯᠳᠤᠭ᠎ᠠ ᠡᠷᠬᠢᠯᠡᠬᠦ ᠵᠥᠭᠡᠯᠡᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠥᠭᠵᠢᠯᠲᠡ ᠶᠢᠨ ᠬᠠᠲᠠᠭᠤ ᠪᠣᠳᠠᠲᠤ ᠬᠦᠴᠦᠨ ᠢ ᠳᠡᠭᠡᠭᠰᠢᠯᠡᠭᠦᠯᠬᠦ ᠲᠤᠬᠠᠢ ᠰᠠᠨᠠᠭᠤᠯᠭ᠎ᠠ 》᠂ 《 ᠬᠠᠶᠢᠷᠤᠪ ᠤᠨ ᠲᠤᠬᠤᠢ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠡᠷᠴᠢᠮ ᠢ ᠴᠢᠨᠠᠭᠰᠢᠳᠠ ᠴᠢᠩᠭᠠᠷᠠᠭᠤᠯᠬᠤ ᠲᠤᠬᠠᠢ ᠰᠠᠨᠠᠭᠤᠯᠭ᠎ᠠ 》 ᠵᠡᠷᠭᠡ ᠠᠭᠤᠯᠭ᠎ᠠ ᠶᠢᠨ ᠲᠣᠭᠤᠷᠢᠨ ᠎ ᠳᠤ ᠦᠭᠡ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号