3 ᠰᠠᠷ᠎ᠠ ᠶᠢᠨ 25 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠷᠪᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠡᠬᠢᠯᠡᠪᠡ᠃ ᠬᠠᠶᠢᠷᠤᠪ ᠤᠨ ᠲᠤᠬᠤᠢ | ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ | ᠶᠣᠰᠣᠲᠠᠢ ᠲᠥᠯᠥᠭᠡᠯᠡᠭᠴᠢ 145 ᠬᠥᠮᠦᠨ᠂ ᠲᠤᠰ ᠤᠳᠠᠭᠠᠨ ᠤ ᠪᠦᠭᠦᠳᠡ ᠬᠤᠷᠠᠯ ᠳᠤ 129 ᠲᠥᠯᠥᠭᠡᠯᠡᠭᠴᠢ | ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ | | ᠬᠠᠶᠢᠷᠤᠪ ᠤᠨ ᠲᠤᠬᠤᠢ ᠲᠣᠭᠤᠷᠢᠭ ᠤᠨ ᠭᠤᠣᠯ ᠤᠳᠤᠷᠢᠳᠤᠯᠭ᠎ᠠ ᠵᠠᠰᠠᠭ ᠤᠨ ᠣᠷᠳᠣᠨ ᠢ ᠲᠥᠯᠥᠭᠡᠯᠡᠨ | ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ | ᠢᠯᠡᠳᠬᠡᠯ ᠢ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠪᠠ 2020 | ᠣᠨ ᠤ ᠠᠵᠢᠯ ᠤᠨ ᠡᠷᠭᠢᠴᠡᠭᠦᠯᠦᠯ ᠭᠡᠵᠦ ᠬᠤᠪᠢᠶᠠᠪᠠ᠃《 ᠠᠷᠪᠠᠨ ᠳᠥᠷᠪᠡᠳᠦᠭᠡᠷ ᠲᠠᠪᠤᠨ ᠵᠢᠯ 》 ᠤᠨ | ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠭᠦᠷᠭᠡ ᠬᠠᠷᠠᠯᠲᠠ᠂ 2021 ᠣᠨ ᠤ ᠠᠵᠢᠯ ᠤᠨ | ᠲᠣᠬᠢᠷᠠᠭᠤᠯᠤᠯᠲᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠦᠷᠪᠡᠨ ᠬᠡᠰᠡᠭ᠃ | | | ᠮᠡᠳᠡᠭᠦᠯᠦᠯᠲᠡ ᠳᠤ᠂ ᠥᠩᠭᠡᠷᠡᠭᠰᠡᠨ ᠲᠠᠪᠤᠨ ᠵᠢᠯ ᠳᠤ᠂ ᠨᠠᠷᠢᠨ ᠪᠤᠳᠤᠯᠢᠶᠠᠨᠲᠠᠢ ᠬᠦᠨᠳᠦ ᠨᠣᠴᠢᠲᠠᠢ ᠠᠵᠤ | ᠠᠬᠤᠢ ᠶᠢᠨ ᠪᠠᠶᠢᠳᠠᠯ ᠪᠣᠯᠤᠨ ᠬᠦᠴᠢᠷᠳᠡᠯ ᠥᠷᠢᠰᠥᠯᠳᠦᠭᠡᠨ ᠤ ᠡᠮᠦᠨ᠎ᠡ᠂ ᠬᠠᠶᠢᠷᠤᠪ ᠤᠨ ᠲᠤᠬᠤᠢ ᠲᠣᠭᠤᠷᠢᠭ ᠤᠨ | ᠬᠢᠨ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ | ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠤᠬᠢᠷᠠᠭᠤᠯᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ | ᠪᠠᠲᠤᠯᠠᠬᠤ ᠡᠯ᠎ᠡ ᠵᠦᠢᠯ ᠤᠨ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 《 ᠲᠠᠪᠤᠨ ᠣᠷᠣᠨ 》 | ᠤ ᠪᠦᠳᠦᠭᠡᠨ ᠪᠠᠶᠢᠭᠤᠯᠤᠯᠲᠠ ᠶᠢ ᠭᠦᠨᠵᠡᠭᠡᠢ ᠬᠡᠷᠡᠭᠵᠢᠭᠦᠯᠵᠦ᠂ ᠠᠵᠤ ᠠᠬᠤᠢ ᠶᠢᠨ ᠡᠷᠭᠢᠯᠲᠡ ᠵᠣᠬᠢᠰᠲᠠᠢ ᠬᠡᠪᠴᠢᠶᠡᠨ | ᠳᠤ ᠲᠣᠭᠲᠠᠪᠤᠷᠢᠵᠢᠵᠤ᠂ ᠡᠯ᠎ᠡ ᠵᠦᠢᠯ ᠤᠨ ᠦᠢᠯᠡᠰ ᠰᠢᠨ᠎ᠡ ᠰᠢᠪᠲᠤᠯᠤᠯᠲᠠ ᠲᠠᠢ ᠪᠣᠯᠵᠠᠢ ᠭᠡᠵᠦ ᠵᠢᠭᠠᠵᠤ ᠭᠠᠷᠭᠠᠪᠠ᠃ | ᠲᠠᠪᠤᠨ ᠵᠢᠯ ᠤᠨ ᠲᠤᠷᠰᠢ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠶᠢᠨ ᠶᠠᠰᠤ | ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠠᠮᠢ ᠠᠬᠤᠢ ᠣᠷᠴᠢᠨ ᠲᠣᠭᠤᠷᠢᠨ ᠶᠡᠭᠡ ᠪᠠᠷ ᠰᠠᠶᠢᠵᠢᠷᠠᠵᠤ᠂ ᠬᠤᠳᠠ | ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠲᠦᠷᠭᠡᠨ ᠳᠡᠭᠡᠭᠰᠢᠯᠡᠵᠦ᠂ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠵᠦ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ | ᠬᠦᠴᠦᠲᠡᠢ ᠪᠣᠯᠪᠠ᠃ ᠨᠢᠭᠡ ᠪᠦᠯᠦᠭ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠬᠠᠤᠯᠢ ᠲᠣᠭᠲᠠᠭᠠᠯ | ᠶᠣᠰᠣᠭᠠᠷ ᠰᠢᠶᠳᠪᠦᠷᠢᠯᠡᠵᠦ᠂ ᠠᠯᠤᠰ ᠬᠡᠲᠦ ᠳᠤ ᠠᠰᠢᠭᠲᠠᠶ ᠰᠠᠭᠤᠷᠢ ᠲᠠᠯᠪᠢᠬᠤ ᠨᠢᠭᠡ ᠪᠦᠯᠦᠭ ᠲᠥᠷᠥᠯ ᠵᠦᠶᠯ ᠢ | ᠨᠠᠷᠢᠯᠢᠭ ᠣᠨᠣᠪᠴᠢᠲᠠᠶ ᠲᠥᠯᠥᠪᠵᠢᠭᠦᠯᠦᠨ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠨᠢᠭᠡ ᠪᠦᠯᠦᠭ ᠪᠣᠳᠠᠲᠤ | ᠶᠠᠪᠤᠳᠠᠯ ᠢ ᠰᠡᠳᠬᠢᠯ ᠳᠡᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦ ᠳᠡᠯᠪᠢᠨ ᠬᠢᠵᠦ ᠪᠦᠲᠦᠭᠡᠪᠡ᠃ | ᠠᠮᠵᠢᠯᠲᠠ ᠣᠯᠵᠤ ᠲᠤᠷᠰᠢᠯᠭ᠎ᠠ ᠬᠤᠷᠠᠮᠳᠤᠭᠤᠯᠪᠠ᠃ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ | ᠵᠢᠯ ᠪᠦᠷᠢ ᠳᠤᠮᠳᠠᠴᠢ ᠪᠠᠷ 8 . 2 % ᠢᠶᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠶ ᠲᠤᠭ᠎ᠠ ᠵᠢᠯ ᠪᠦᠷᠢ ᠳᠤᠮᠳᠠᠴᠢ ᠪᠠᠷ 3 . 6 % ᠪᠠᠷ ᠨᠡᠮᠡᠭᠳᠡᠵᠦ᠂ ᠲᠣᠭᠲᠠᠮᠠᠯ | ᠬᠥᠷᠥᠩᠭᠡ ᠨᠡᠶᠢᠲᠡ 380 . 86 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠂ ᠰᠠᠶ᠋ᠢᠬᠠᠨ ᠥᠩᠭᠡᠷᠡᠭᠰᠡᠨ 2020 | ᠣᠨ ᠪᠣᠯ ᠲᠤᠶᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠂ ᠬᠠᠶᠢᠷᠤᠪ ᠤᠨ ᠲᠣᠬᠤᠶ ᠲᠣᠭᠤᠷᠢᠭ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠢᠳᠡᠪᠬᠢᠲᠡᠶ ᠰᠡᠷᠭᠡᠶᠢᠯᠡᠨ ᠡᠵᠡᠮᠳᠡᠵᠦ᠂ ᠠᠵᠤ ᠠᠬᠤᠶ ᠨᠡᠶᠢᠭᠡᠮ | ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ 《 ᠵᠢᠷᠭᠤᠭ᠎ᠠ ᠶᠢ | ᠲᠣᠭᠲᠠᠪᠤᠷᠢᠵᠢᠭᠤᠯᠬᠤ 》᠂ 《 ᠵᠢᠷᠭᠤᠭ᠎ᠠ ᠶᠢ ᠪᠠᠲᠤᠯᠠᠬᠤ 》 ᠡᠭᠦᠷᠭᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠡᠷᠭᠢᠯᠲᠡ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ᠃ | ᠪᠦᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 261 . 57 ᠳ᠋ᠦᠩᠰᠢᠭᠤᠷ | ᠲᠥᠭᠦᠷᠢᠭ ᠪᠡᠶᠡᠯᠡᠭᠦᠯᠵᠦ᠂ 6 . 9 % ᠪᠠᠷ ᠨᠡᠮᠡᠭᠳᠡᠪᠡ᠃ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ | 74 . 23 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ | 23 . 7 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 16 . 19 % ᠲᠥᠭᠦᠷᠢᠭ ᠨᠡᠮᠡᠭᠳᠡᠪᠡ᠃ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠱᠠᠲᠤᠨ ᠤ | ᠨᠠᠮ ᠤᠨ ᠭᠡᠰᠢᠭᠦᠨ ᠺᠠᠳ᠋ᠷ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠰᠠᠭᠤᠭᠠᠯᠢ ᠠᠷᠠᠳ ᠤᠨ ᠲᠣᠭᠤᠷᠢᠭ ᠪᠠ | ᠪᠣᠭᠤᠮᠲᠠ ᠬᠤᠷᠢᠭ᠎ᠠ ᠶᠢ 24 ᠴᠠᠭ ᠲᠠᠰᠤᠯᠳᠠᠭᠤᠯᠤᠯ ᠦᠭᠡᠢ ᠴᠢᠩᠭ᠎ᠠ ᠰᠠᠬᠢᠵᠤ᠂ ᠡᠮᠴᠢ ᠰᠤᠪᠢᠯᠠᠭᠴᠢᠳ᠂ | ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠨᠡᠶᠢᠭᠡᠮ ᠲᠣᠭᠤᠷᠢᠭ ᠤᠨ ᠠᠵᠢᠯᠲᠠᠳ᠂ ᠰᠠᠶᠢᠨ ᠳᠤᠷᠠᠴᠤᠳ ᠭᠡᠷ | ᠣᠷᠣᠨ ᠢᠶᠠᠨ ᠲᠠᠶᠠᠭᠳᠠᠵᠤ᠂ ᠰᠡᠷᠭᠡᠶᠢᠯᠡᠨ ᠡᠵᠡᠮᠳᠡᠬᠦ ᠪᠠ ᠠᠷᠢᠭᠤᠳᠬᠠᠬᠤ ᠡᠮᠦᠨ᠎ᠡ ᠹᠷᠣᠨᠲ ᠲᠤ ᠡᠷᠡᠯᠬᠡᠭᠯᠡᠨ | ᠲᠡᠮᠡᠴᠡᠵᠦ᠂ ᠥᠷᠭᠡᠨ ᠤᠯᠠᠨ ᠲᠦᠮᠡᠨ ᠤᠬᠠᠮᠰᠠᠷ ᠠᠴᠠ ᠪᠠᠨ 《 ᠭᠡᠷ ᠲᠡᠭᠡᠨ ᠰᠠᠭᠤᠵᠤ ᠠᠮᠢᠳᠤᠷᠠᠵᠤ 》᠂ | ᠸᠢᠷᠦ᠋ᠰ ᠤᠨ ᠬᠠᠯᠳᠠᠪᠤᠷᠢᠯᠠᠬᠤ ᠵᠠᠮ ᠢ ᠪᠦᠲᠦᠮᠵᠢᠲᠡᠢ ᠲᠠᠰᠤᠯᠪᠠ᠃ ᠭᠤᠷᠪᠠᠨ ᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ ᠢᠯᠡᠳᠲᠡ ᠦᠷ᠎ᠡ ᠪᠦᠲᠦᠮᠵᠢ ᠣᠯᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠲᠡᠳᠬᠦᠬᠦ | ᠲᠦᠷᠦ ᠶᠢᠨ ᠪᠤᠳᠤᠯᠭ᠎ᠠ ᠬᠤᠪᠢᠷᠠᠬᠤ ᠦᠭᠡᠢ᠂ ᠡᠷᠴᠢᠮ ᠰᠤᠯᠠᠷᠠᠬᠤ ᠦᠭᠡᠢ᠂ ᠬᠠᠷᠢᠭᠤᠴᠠᠯᠭ᠎ᠠ ᠡᠭᠦᠷᠭᠡᠯᠡᠬᠦ ᠦᠭᠡᠢ | ᠪᠠᠶᠢᠬᠤ ᠶᠢ ᠪᠠᠷᠢᠮᠲᠠᠯᠠᠵᠤ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠤᠷᠳᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢ ᠪᠠᠶᠢᠭᠤᠯᠪᠠ᠃《 ᠵᠢᠷᠭᠤᠭ᠎ᠠ ᠶᠢ ᠲᠣᠭᠲᠠᠪᠤᠷᠢᠵᠢᠭᠤᠯᠬᠤ 》 《 ᠵᠢᠷᠭᠤᠭ᠎ᠠ ᠶᠢ | ᠪᠠᠲᠤᠯᠠᠬᠤ 》 ᠶᠢ ᠯᠠᠪᠳᠠᠭᠤᠨ ᠪᠠᠲᠤᠲᠠᠶ ᠠᠬᠢᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠢᠯ | ᠣᠯᠭᠤᠯᠲᠠ ᠶᠢ ᠪᠠᠲᠤᠯᠠᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠭᠤᠤᠯᠳᠠᠯᠭ᠎ᠠ ᠲᠠᠢ ᠲᠥᠷᠥᠯ ᠵᠦᠶᠯ ᠢ | ᠯᠠᠪᠳᠠᠭᠤᠨ ᠢᠶᠠᠷ ᠠᠬᠢᠭᠤᠯᠵᠤ᠂ ᠦᠶᠯᠡᠴᠢᠯᠡᠭᠡᠨ ᠤ ᠦᠶᠯᠡᠰ ᠤᠨ ᠬᠥᠭᠵᠢᠯᠲᠡ ᠲᠣᠭᠲᠠᠭᠤᠨ ᠪᠠᠶᠢᠨ᠎ᠠ᠃ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠤᠨ ᠠᠬᠢᠭᠤᠯᠵᠤ᠂ ᠳᠥᠭᠦᠮ ᠪᠦᠳᠦᠴᠡᠳᠦ | ᠣᠷᠣᠨ ᠰᠠᠭᠤᠴᠠ ᠶᠢ ᠥᠭᠡᠷᠡᠴᠢᠯᠡᠬᠦ ᠲᠥᠪᠯᠡᠷᠡᠭᠦᠯᠦᠨ ᠲᠥᠪᠬᠢᠨᠡᠭᠦᠯᠬᠦ ᠲᠣᠭᠤᠷᠢᠭ ᠤᠨ 6311 ᠢᠵᠢ ᠣᠷᠣᠨ | ᠰᠠᠭᠤᠴᠠ ᠶᠢ ᠪᠦᠬᠦᠨ ᠢ ᠲᠤᠰᠢᠶᠠᠨ ᠥᠭᠴᠦ ᠲᠥᠪᠬᠢᠨᠡᠭᠦᠯᠦᠨ᠂ 6 ᠠᠰᠠᠭᠤᠳᠠᠯ ᠲᠠᠢ ᠠᠰᠠᠷ ᠢ ᠪᠠᠷᠢᠵᠤ ᠳᠠᠭᠤᠰᠬᠠᠨ | ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠢᠨᠵᠧᠨᠧᠷᠢᠩ 46 ᠶᠢ ᠪᠡᠶᠡᠯᠡᠭᠦᠯᠵᠦ᠂ | 22 ᠡᠯ᠎ᠡ ᠲᠥᠷᠥᠯ ᠤᠨ ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠵᠤ | ᠂ ᠬᠤᠲᠠ ᠶᠢᠨ ᠨᠣᠭᠤᠭᠠᠷᠠᠭᠤᠯᠤᠯᠲᠠ ᠶᠢᠨ ᠲᠠᠯᠠᠪᠠᠢ ᠶᠢ 2 ᠲᠦᠮᠡᠨ ᠲᠡᠭᠰᠢ ᠳᠥᠷᠪᠡᠯᠵᠢᠨ ᠮᠧᠳ᠋ᠷ ᠰᠢᠨ᠎ᠡ ᠪᠠᠷ | ᠨᠡᠮᠡᠭᠳᠡᠭᠦᠯᠦᠨ᠂ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ | ᠰᠠᠶᠢᠵᠢᠷᠠᠭᠤᠯᠪᠠ᠃ᠠᠷᠠᠳ ᠤᠨ ᠠᠮᠢᠳᠤᠷᠠᠯ ᠦᠷᠭᠦᠯᠵᠢᠯᠡᠨ ᠰᠠᠶᠢᠵᠢᠷᠠᠵᠤ᠂ ᠲᠣᠬᠢᠷᠠᠮᠵᠢᠲᠠᠶ ᠪᠠ ᠨᠠᠰᠤᠲᠠᠶᠢᠴᠤᠳ ᠤᠨ | ᠨᠡᠶᠢᠲᠡ ᠶᠢᠨ ᠪᠠᠶᠢᠷᠢ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ | ᠤᠷᠤᠭᠰᠢᠲᠠᠶ ᠶᠠᠪᠤᠭᠳᠠᠵᠤ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠡᠳᠦᠷ ᠤᠨ ᠠᠰᠠᠷᠠᠨ ᠬᠠᠷᠠᠭᠠᠯᠵᠠᠬᠤ | ᠲᠥᠪ 15 ᠪᠣᠯᠵᠣ ᠨᠡᠮᠡᠭᠳᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ | ᠠᠭᠢᠵᠤ᠂ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠰᠢᠨ᠎ᠡ ᠪᠠᠷ ᠪᠠᠶᠢᠭᠤᠯᠬᠤ ᠲᠥᠷᠥᠯ ᠵᠦᠶᠯ | ᠡᠬᠢᠯᠡᠪᠡ᠃ | 2021 ᠣᠨ ᠤ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6 . 5 % | ᠨᠡᠮᠡᠭᠳᠡᠭᠦᠯᠦᠨ᠎ᠡ᠃ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 5 % ᠶᠢᠨ | ᠳᠣᠲᠣᠷ᠎ᠠ ᠬᠢᠵᠠᠭᠠᠷᠯᠠᠨ᠎ᠠ᠃ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢᠨ | ᠭᠦᠢᠴᠡᠳᠬᠡᠬᠦ ᠲᠤᠭ᠎ᠠ ᠶᠢ ᠲᠤᠰ ᠲᠤᠰ 5 %᠂ 9 . 1 %᠂ 5 % ᠪᠠᠷ ᠨᠡᠮᠡᠭᠳᠡᠭᠦᠯᠦᠨ᠎ᠡ᠃ | 2021 ᠣᠨ ᠳᠤ ᠬᠠᠶᠢᠷᠤᠪ ᠤᠨ ᠲᠤᠬᠤᠢ ᠲᠣᠭᠤᠷᠢᠭ ᠠᠷᠪᠠᠨ ᠬᠤᠶᠠᠷ ᠲᠠᠯ᠎ᠠ ᠶᠢᠨ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠠᠳᠬᠤᠨ᠎ᠠ᠄ ᠠᠵᠤ ᠦᠢᠯᠡᠳᠪᠦᠷᠢ ᠶᠢᠨ ᠬᠡᠯᠪᠡᠷᠢ ᠶᠢ ᠬᠤᠪᠢᠷᠠᠭᠤᠯᠤᠨ ᠲᠡᠰ | ᠳᠡᠪᠰᠢᠭᠦᠯᠬᠦ ᠠᠯᠬᠤᠭ᠎ᠠ ᠶᠢ ᠲᠦᠷᠭᠡᠳᠬᠡᠨ᠎ᠡ᠃ ᠦᠢᠯᠡᠴᠢᠯᠡᠭᠡᠨ ᠤ ᠶᠠᠰᠤ ᠴᠢᠨᠠᠷ ᠪᠠ ᠵᠡᠷᠭᠡ ᠳᠡᠰ ᠢ | ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ | ᠬᠡᠷᠡᠭᠵᠢᠭᠦᠯᠦᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠠᠵᠤ ᠦᠢᠯᠡᠰ ᠤᠨ ᠬᠥᠭᠵᠢᠯᠲᠡ ᠶᠢᠨ | ᠰᠠᠭᠤᠷᠢ ᠶᠢ ᠪᠠᠬᠢᠵᠢᠭᠦᠯᠦᠨ᠎ᠡ᠃ᠠᠭᠠᠷ ᠮᠠᠨᠳᠠᠯ ᠤᠨ ᠪᠣᠬᠢᠷᠲᠤᠯ ᠢ ᠣᠨᠣᠪᠴᠢᠲᠠᠶ ᠵᠠᠰᠠᠬᠤ᠃ᠬᠥᠷᠥᠰᠥ ᠰᠢᠷᠣᠶ ᠶᠢᠨ | ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠰᠠᠭᠤᠷᠢ ᠶᠢ ᠪᠠᠬᠢᠵᠢᠭᠦᠯᠦᠨ᠎ᠡ᠃ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠶᠢ ᠴᠢᠩᠭ᠎ᠠ ᠠᠳᠬᠤᠨ᠎ᠠ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠎ᠡ᠃ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠰᠠᠶᠢᠲᠤᠷ ᠠᠳᠬᠤᠨ᠎ᠠ᠃ᠠᠷᠠᠳ ᠤᠨ | ᠦᠨᠳᠦᠰᠦᠨ ᠠᠮᠢᠳᠤᠷᠠᠯ ᠢ ᠬᠦᠴᠦᠯᠡᠨ ᠪᠠᠲᠤᠯᠠᠪᠠ᠃ ᠨᠡᠶᠢᠭᠡᠮ ᠤᠨ ᠦᠢᠯᠡᠰ ᠢ ᠪᠦᠬᠦ ᠲᠠᠯ᠎ᠠ ᠪᠠᠷ ᠬᠥᠭᠵᠢᠭᠦᠯᠦᠨ᠎ᠡ᠃ | ᠢᠯᠡᠳᠬᠡᠯ ᠳᠤ ᠪᠠᠰᠠ ᠢᠮᠠᠭᠲᠠ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢ ᠪᠠᠷᠢᠮᠲᠠᠯᠠᠬᠤ᠂ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠬᠤ᠂ ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ ᠵᠣᠷᠢᠭ | ᠰᠠᠨᠠᠭ᠎ᠠ ᠶᠢ ᠪᠠᠷᠢᠮᠲᠠᠯᠠᠬᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠬᠤ ᠵᠡᠷᠭᠡ ᠲᠠᠯ᠎ᠠ ᠪᠠᠷ ᠵᠠᠰᠠᠭ ᠤᠨ | ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠳᠤᠷᠠᠳᠴᠠᠢ᠃ | ᠬᠤᠷᠠᠯ ᠤᠨ ᠵᠥᠪᠯᠡᠬᠦ ᠵᠦᠢᠯ ᠢ ᠦᠨᠳᠦᠰᠦᠯᠡᠵᠦ᠂ ᠶᠡᠭᠡ ᠬᠤᠷᠠᠯ ᠠᠴᠠ 《 ᠬᠠᠶᠢᠷᠤᠪ ᠤᠨ ᠲᠤᠬᠤᠢ | ᠲᠣᠭᠤᠷᠢᠭ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ( ᠲᠥᠰᠦᠯ ) | 》᠂《 ᠬᠠᠶᠢᠷᠤᠪ ᠤᠨ ᠲᠤᠬᠤᠢ ᠲᠣᠭᠤᠷᠢᠭ ᠤᠨ 2020 ᠣᠨ ᠤ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2021 ᠣᠨ ᠤ ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ( ᠲᠥᠰᠦᠯ ) ᠶᠢᠨ ᠮᠡᠳᠡᠭᠦᠯᠦᠯᠲᠡ | 》᠂《 ᠬᠠᠶᠢᠷᠤᠪ ᠤᠨ ᠲᠤᠬᠤᠢ ᠲᠣᠭᠤᠷᠢᠭ ᠤᠨ 2020 ᠣᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠠ | 2021 ᠣᠨ ᠤ ᠲᠥᠰᠦᠪ ( ᠲᠥᠰᠦᠯ ) ᠤᠨ ᠮᠡᠳᠡᠭᠦᠯᠦᠯᠲᠡ 》 ᠶᠢ ᠬᠢᠨᠠᠨ ᠪᠠᠶᠢᠴᠠᠭᠠᠪᠠ᠃ | ᠬᠤᠷᠠᠯ ᠳᠡᠭᠡᠷ᠎ᠡ ᠪᠠᠰᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠠᠵᠢᠯ ᠤᠨ ᠮᠡᠳᠡᠭᠦᠯᠦᠯᠲᠡ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠠᠵᠢᠯ | ᠤᠨ ᠮᠡᠳᠡᠭᠦᠯᠦᠯᠲᠡ ᠪᠣᠯᠤᠨ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ | ᠤᠨ ᠮᠡᠳᠡᠭᠦᠯᠦᠯᠲᠡ ᠬᠢᠪᠡ᠃ | ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠳᠠ ᠶᠢᠨ ᠬᠠᠶᠢᠷᠤᠪ | ᠤᠨ ᠲᠤᠬᠤᠢ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠳᠤ | ᠣᠷᠣᠯᠴᠠᠭᠰᠠᠨ ᠪᠦᠬᠦ ᠭᠡᠰᠢᠭᠦᠳ ᠲᠤᠰ ᠤᠳᠠᠭ᠎ᠠ ᠶᠢᠨ ᠬᠤᠷᠠᠯ ᠳᠤ ᠰᠤᠯᠠ ᠣᠷᠣᠯᠴᠠᠪᠠ᠃ |