ᠬᠠᠶᠢᠷᠤᠪ ᠤᠨ ᠲᠤᠬᠤᠢ ᠲᠣᠭᠤᠷᠢᠭ ᠤᠨ ᠭᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ᠂ ᠬᠠᠶᠢᠷᠤᠪ ᠎ ᠤᠨ ᠲᠤᠬᠤᠢ  ᠲᠣᠭᠤᠷᠢᠭ ᠤᠨ ᠪᠣᠳᠠᠰ ᠤᠨ ᠬᠠᠮᠢᠶᠠᠷᠤᠯᠲᠠ ᠶᠢᠨ ᠲᠥᠪ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠣᠷᠣᠨ ᠰᠠᠭᠤᠴᠠ ᠶᠢᠨ ᠲᠣᠭᠤᠷᠢᠭ ᠤᠨ ᠠᠮᠤᠷ ᠲᠦᠪᠰᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠰᠬᠠᠶ ᠪᠠᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2021/3/29
     ᠠᠳᠠᠯ ᠠᠬᠤᠶ ᠶᠢᠨ ᠦᠶᠯᠡᠴᠢᠯᠡᠭᠡᠨ ᠤ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 25᠎ ᠤ ᠡᠳᠦᠷ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠶᠢᠷᠤᠪ ᠤᠨ ᠲᠤᠬᠤᠢ ᠲᠣᠭᠤᠷᠢᠭ ᠎ ᠤᠨ ᠬᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ᠂ ᠪᠣᠳᠠᠰ ᠤᠨ ᠬᠠᠮᠢᠶᠠᠷᠤᠯᠲᠠ ᠶᠢᠨ ᠲᠥᠪ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠤᠤᠰ ᠲᠠᠰᠢᠷᠠᠮ ᠳᠠᠭᠠᠤ ᠨᠢᠭᠡ ᠶᠢ ᠢᠯᠡ ᠪᠣᠯᠭᠠᠬᠤ ᠬᠠᠮᠲᠤᠷᠠᠭᠰᠠᠨ ᠪᠠᠶᠢᠴᠠᠭᠠᠯᠲᠠ ᠥᠷᠨᠢᠭᠦᠯᠵᠦ᠂ ᠬᠠᠶᠢᠷᠤᠪ ᠤᠨ ᠲᠤᠬᠤᠢ ᠲᠣᠭᠤᠷᠢᠭ ᠤᠨ ᠠᠳᠠᠯ ᠠᠬᠤᠶ ᠶᠢᠨ 5 ᠲᠣᠭᠤᠷᠢᠭ ᠤᠨ ᠠᠮᠤᠷ ᠲᠦᠪᠰᠢᠨ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠠᠶᠢᠴᠠᠭᠠᠯᠲᠠ ᠬᠢᠪᠠ᠃
     ᠪᠠᠶᠢᠴᠠᠭᠠᠯᠲᠠ ᠶᠢᠨ ᠳᠤᠮᠳᠠ᠂ ᠢᠦ᠋ᠶ ᠬᠠᠶ ᠠᠳᠠᠯ ᠠᠬᠤᠶ ᠶᠢᠨ ᠦᠶᠯᠡᠴᠢᠯᠡᠭᠡᠨ ᠤ  ᠰᠢᠨ᠎ᠡ ᠲᠢᠶᠠᠨ ᠳ᠋ᠢ ᠲᠥᠪ ᠴᠡᠴᠡᠷᠯᠢᠭ᠂ ᠹᠦ᠋ ᠰᠢᠨ ᠠᠳᠠᠯ ᠠᠬᠤᠶ ᠶᠢᠨ ᠦᠶᠯᠡᠴᠢᠯᠡᠭᠡᠨ ᠤ ᠢ ᠯᠢᠨ C ᠲᠣᠭᠤᠷᠢᠭ᠂ ᠰᠢᠨ ᠶᠤᠸᠠᠨ ᠠᠳᠠᠯ ᠠᠬᠤᠶ ᠶᠢᠨ ᠦᠶᠯᠡᠴᠢᠯᠡᠭᠡᠨ ᠤ ᠰᠢᠨ᠎ᠡ ᠬᠤᠯᠪᠣᠭ᠎ᠠ ᠵᠡᠷᠭᠡ ᠦᠶᠯᠡᠴᠢᠯᠡᠭᠡᠨ ᠤ ᠲᠥᠷᠥᠯ ᠵᠦᠶᠯ ᠳᠤ ᠨᠢᠰᠬᠡᠯ ᠳᠡᠭᠡᠷ᠎ᠡ ᠴᠠᠬᠢᠯᠭᠠᠨ ᠴᠡᠨᠡᠭᠯᠡᠬᠦ᠂ ᠳᠤᠷ᠎ᠠ ᠪᠠᠷ ᠣᠪᠣᠭᠠᠯᠠᠵᠤ ᠳᠤᠷ᠎ᠠ ᠪᠠᠷ ᠲᠠᠯᠪᠢᠬᠤ᠂ ᠲᠣᠨᠤᠭ ᠲᠥᠬᠦᠭᠡᠷᠦᠮᠵᠢ ᠠᠷᠠᠴᠢᠯᠠᠵᠤ ᠬᠠᠮᠠᠭᠠᠯᠠᠬᠤ ᠲᠠᠯ᠎ᠠ ᠪᠠᠷ ᠬᠦᠷᠦᠯᠴᠡᠬᠦ ᠥᠬᠡᠶ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡ᠂ ᠪᠠᠶᠢᠴᠠᠭᠠᠬᠤ ᠳᠤᠭᠤᠶᠢᠯᠠᠩ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠭᠰᠠᠨ ᠪᠥᠭᠡᠳ ᠠᠰᠠᠭᠤᠳᠠᠯ ᠣᠷᠣᠰᠢᠵᠤ ᠪᠠᠶᠢᠭ᠎ᠠ ᠠᠳᠠᠯ ᠠᠬᠤᠶ ᠶᠢᠨ ᠦᠶᠯᠡᠴᠢᠯᠡᠭᠡᠨ ᠤ ᠠᠵᠤ ᠠᠬᠤᠶᠢᠯᠠᠯ ᠢ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号